ᠲᠠᠯ᠎ᠠ ᠨᠤᠳᠤᠭ ᠲᠠᠢ ᠰᠡᠳᠬᠢᠯ ᠢᠶᠠᠨ ᠬᠤᠯᠪᠤᠨ ᠬᠠᠮᠳᠤᠪᠡᠷ ᠪᠠᠶᠠᠵᠢᠨᠠᠮ
ᠨᠡᠶᠢᠲᠡᠯᠡᠭᠰᠡᠨ ᠴᠠᠭ᠄
2024/8/22
      ᠪᠡᠬᠡᠵᠢᠩ ᠬᠤᠳᠠ ᠶᠢᠨ ᠵᠡᠬᠦᠨ ᠪᠢᠨ ᠾᠧ ᠵᠠᠮ ᠨᠡᠶᠢᠬᠡᠮ ᠲᠤᠭᠤᠷᠢᠭ ᠪᠠ ᠢᠤᠢ ᠯᠢᠨ ᠯᠢ ᠨᠡᠶᠢᠬᠡᠮ ᠲᠤᠭᠤᠷᠢᠭ᠂ ᠪᠠᠷᠠᠭᠤᠨ ᠲᠢᠶᠧ ᠵᠢᠩ ᠸᠠᠨ ᠳ᠋ᠠ ᠠᠭᠤᠳᠠᠮ ᠲᠠᠯᠠᠪᠠᠢ ᠶᠢᠨ ᠬᠤᠯᠪᠤᠭᠠᠯᠠᠬᠰᠠᠨ ᠲᠡᠯᠬᠡᠨ ᠪᠤᠷᠤᠯᠠᠭᠤᠯᠬᠤ ᠦᠵᠡᠰᠬᠦᠯᠡᠩ ᠲᠡᠭᠡᠷ᠎ᠡ᠂ ᠪᠡᠬᠡᠵᠢᠩ ᠬᠤᠳᠠ ᠶᠢᠨ ᠠᠷᠠᠳ ᠵᠠᠯᠠᠶᠢᠳ ᠤᠨ ᠲᠤᠳᠤᠷᠭ᠎ᠠ ᠶᠢ ᠠᠮᠳᠠᠯᠠᠵᠦ ᠬᠤᠳᠠᠯᠳᠤᠨ ᠠᠪᠴᠦ ᠪᠠᠶᠢᠯ᠎ᠠ᠃ ᠦᠵᠡᠰᠬᠦᠯᠡᠩ ᠤᠨ ᠲᠤᠬᠠᠢ ᠶᠢᠨ ᠲᠠᠯᠠᠪᠦᠷ ᠲᠤ ᠨᠡᠶᠢᠳᠡ 6500 ᠭᠠᠷᠦᠢ ᠺᠢᠯᠤᠭ᠍ᠷᠠᠮ ᠲᠤᠳᠤᠷᠭ᠎ᠠ ᠪᠤᠷᠤᠯᠠᠭᠤᠯᠵᠦ᠂ ᠪᠤᠷᠤᠯᠠᠭᠤᠯᠭ᠎ᠠ ᠶᠢᠨ ᠤᠷᠤᠯᠭ᠎ᠠ 7 ᠲᠦᠮᠡᠨ ᠲᠦᠬᠦᠷᠢᠭ ᠢ ᠲᠠᠪᠠᠭᠰᠠᠨ ᠪᠠᠶᠢᠨ᠎ᠠ᠃ ᠵᠠᠯᠠᠶᠢᠳ ᠬᠤᠰᠢᠭᠤᠨ ᠤ ᠮᠧᠩ ᠶᠤᠸᠠᠨ ᠠᠮᠤ ᠶᠢᠨ ᠦᠢᠯᠡᠰ ᠵᠡᠷᠭᠡ ᠲᠤᠳᠤᠷᠭ᠎ᠠ ᠪᠤᠯᠪᠠᠰᠦᠷᠠᠭᠤᠯᠬᠤ ᠠᠵᠦ ᠠᠬᠤᠶᠢᠯᠠᠯ ᠪᠤᠯᠤᠨ ᠪᠡᠬᠡᠵᠢᠩ ᠬᠤᠳᠠ ᠶᠢᠨ ᠤᠯᠠᠨ ᠢᠳᠡᠬᠡᠨ ᠤᠮᠳᠠᠭᠠᠨ ᠤ ᠠᠵᠦ ᠠᠬᠤᠶᠢᠯᠠᠯ ᠬᠢᠨᠭ᠍ᠭᠠᠨ ᠠᠶᠢᠮᠠᠭ ᠤᠨ ᠲᠤᠳᠤᠷᠭ᠎ᠠ ᠶᠢᠨ ᠵᠠᠬᠢᠶᠠᠯᠠᠭ᠎ᠠ ᠶᠢᠨ ᠵᠦᠪᠯᠡᠯᠴᠡᠭᠡᠷ ᠲᠤᠬᠳᠠᠵᠦ᠂ ᠵᠠᠬᠢᠶᠠᠯᠠᠭ᠎ᠠ ᠶᠢᠨ ᠶᠡᠷᠦᠩᠭᠡᠢ ᠬᠡᠮᠵᠢᠶ᠎ᠡ 2.5 ᠲᠦᠮᠡᠨ ᠺᠢᠯᠤᠭ᠍ᠷᠠᠮ ᠬᠦᠷᠴᠦ᠂ ᠵᠠᠬᠢᠶᠠᠯᠠᠭ᠎ᠠ ᠶᠢᠨ ᠤᠷᠤᠯᠭ᠎ᠠ 25 ᠲᠦᠮᠡᠨ ᠲᠦᠬᠦᠷᠢᠭ ᠬᠦᠷᠦᠭᠰᠡᠨ ᠪᠠᠶᠢᠨ᠎ᠠ᠃      ᠪᠡᠬᠡᠵᠢᠩ ᠦᠪᠦᠷ ᠮᠤᠩᠭᠤᠯ ᠤᠨ ᠬᠠᠮᠵᠢᠯᠴᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠪᠡᠬᠡᠵᠢᠩ ᠬᠤᠳᠠ ᠶᠢᠨ ᠹᠧᠩ ᠲᠠᠢ ᠲᠤᠭᠤᠷᠢᠭ ᠪᠤᠯᠤᠨ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤ ᠰᠢ ᠶᠢᠨ ᠫᠢᠩ ᠶᠡᠷᠦᠩᠭᠡᠢ ᠱᠦᠵᠢ ᠶᠢᠨ ᠵᠡᠬᠦᠨ ᠪᠠᠷᠠᠭᠤᠨ ᠤᠷᠤᠨ ᠤ ᠬᠠᠮᠵᠢᠯᠴᠠᠭ᠎ᠠ ᠶᠢ ᠬᠦᠨᠵᠡᠬᠡᠶᠢᠷᠡᠬᠦᠯᠬᠦ ᠠᠵᠢᠯ ᠤᠨ ᠲᠤᠬᠠᠢ ᠴᠢᠬᠤᠯᠠ ᠵᠢᠭᠠᠪᠦᠷᠢ ᠵᠤᠷᠢᠭ ᠰᠠᠨᠠᠭ᠎ᠠ ᠶᠢ ᠭᠤᠶᠢᠪᠢᠰᠢ ᠦᠬᠡᠢ ᠬᠦᠨᠵᠡᠬᠡᠢ ᠲᠤᠭᠤᠰᠢᠯᠠᠭᠤᠯᠵᠦ᠂ ︽ᠲᠠᠪᠦᠨ ᠶᠡᠭᠡ ᠡᠬᠦᠷᠭᠡ︾ ᠶᠢ ᠲᠤᠭᠤᠰᠢᠯᠠᠭᠤᠯᠬᠤ ᠪᠠ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠷ ᠲᠤᠮᠤ ᠶᠠᠪᠤᠳᠠᠯ ᠤᠨ ᠲᠤᠭᠤᠷᠢᠨ ᠳᠤ᠂ ᠬᠤᠶᠠᠷ ᠭᠠᠵᠠᠷ ︽ᠤᠷᠤᠨ ᠪᠦᠰᠡ ᠪᠠᠷ ᠢᠶᠠᠨ ᠬᠠᠮᠵᠢᠯᠴᠠᠨ ᠬᠦᠷᠢᠶᠡᠯᠡᠩ ᠲᠤᠭᠤᠷᠢᠭ ᠬᠠᠮᠳᠤᠪᠡᠷ ᠪᠠᠶᠢᠭᠤᠯᠬᠤ᠂ ᠪᠤᠬᠢᠷᠳᠦᠯ ᠦᠬᠡᠢ ᠬᠦᠭᠵᠢᠬᠦᠯᠬᠦ᠂ ᠴᠢᠳᠠᠪᠦᠷᠢᠳᠠᠨ ᠬᠦᠮᠦᠵᠢᠬᠦᠯᠬᠦ ︾ ᠵᠡᠷᠭᠡ ᠲᠠᠯ᠎ᠠ ᠪᠠᠷ ᠬᠠᠮᠵᠢᠯᠴᠠᠭ᠎ᠠ ᠪᠠᠨ ᠴᠢᠩᠭᠠᠳᠬᠠᠵᠦ᠂ ᠭᠠᠷ ᠬᠤᠯᠪᠤᠨ ᠤᠷᠤᠬᠰᠢᠯᠠᠵᠦ᠂ ᠬᠠᠮᠵᠢᠯᠴᠠᠭᠠᠨ ᠤ ᠠᠭᠤᠯᠭ᠎ᠠ ᠪᠠᠨ ᠬᠦᠨᠵᠡᠬᠡᠶᠢᠷᠡᠬᠦᠯᠵᠦ᠂ ᠬᠠᠮᠵᠢᠯᠴᠠᠭᠠᠨ ᠤ ᠬᠦᠷᠢᠶ᠎ᠡ ᠬᠡᠪᠴᠢᠶ᠎ᠡ ᠪᠠᠨ ᠦᠷᠭᠡᠳᠬᠡᠨ᠂ ᠬᠠᠮᠳᠤᠪᠡᠷ ᠬᠦᠰᠡᠯ ᠢᠶᠠᠨ ᠲᠡᠷᠬᠡᠯᠰᠢᠬᠦᠯᠵᠦ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠰᠢᠨ᠎ᠠ ᠬᠠᠭᠤᠳᠠᠰᠦ ᠶᠢ ᠬᠠᠮᠳᠤᠪᠡᠷ ᠪᠢᠴᠢᠭᠯᠡᠵᠦ ᠪᠠᠶᠢᠨ᠎ᠠ᠃      ᠤᠨᠤᠴᠠᠳᠠᠢ ᠵᠤᠯᠭᠠᠭᠤᠯᠵᠦ ᠬᠠᠮᠳᠤᠪᠡᠷ ᠠᠬᠢᠭᠤᠯᠵᠦ ᠪᠤᠢ      ᠬᠠᠮᠵᠢᠯᠴᠠᠭ᠎ᠠ ᠪᠠᠨ ᠦᠷᠬᠦᠯᠵᠢᠯᠡᠨ ᠬᠦᠨᠵᠡᠬᠡᠶᠢᠷᠡᠬᠦᠯᠵᠦ᠂ ᠬᠠᠮᠵᠢᠯᠴᠠᠭᠠᠨ ᠤ ᠵᠠᠬᠪᠦᠷ ᠢᠶᠠᠨ ᠤᠯᠠᠮ ᠨᠢᠬᠡ ᠠᠯᠬᠤᠮ ᠲᠡᠰ ᠲᠡᠪᠰᠢᠬᠦᠯᠵᠦ᠂ ᠬᠠᠮᠵᠢᠯᠴᠠᠭᠠᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠬᠡ ᠠᠯᠬᠤᠮ ᠦᠷᠭᠡᠳᠬᠡᠵᠦ ᠪᠠᠶᠢᠨ᠎ᠠ᠃ ᠨᠢᠬᠡ ᠵᠢᠯ ᠤᠨ ᠲᠤᠷᠰᠢ᠂ ᠵᠠᠯᠠᠶᠢᠳ ᠬᠤᠰᠢᠭᠤᠨ ᠤ ᠬᠤᠰᠢᠭᠤᠨ ᠲᠡᠰ ᠤᠨ ᠤᠳᠤᠷᠢᠳᠤᠯᠭ᠎ᠠ ᠨᠦᠬᠦᠳ ᠤᠷᠢᠳ ᠬᠤᠵᠢᠳ 11 ᠤᠳᠠᠭ᠎ᠠ  ᠹᠧᠩ ᠲᠠᠢ ᠲᠤᠭᠤᠷᠢᠭ ᠲᠠᠢ ᠵᠤᠯᠭᠠᠭᠤᠯᠬᠤ ᠠᠵᠢᠯ ᠦᠷᠨᠢᠬᠦᠯᠵᠦ᠂ ᠰᠤᠮᠤ ᠰᠢᠶᠠᠩ ᠪᠠᠯᠭᠠᠰᠦ᠂ ᠰᠠᠯᠠᠭ᠎ᠠ ᠮᠦᠴᠢᠷ ᠪᠠᠶᠢᠭᠤᠯᠭ᠎ᠠ ᠪᠤᠯᠤᠨ ᠹᠧᠩ ᠲᠠᠢ ᠲᠤᠭᠤᠷᠢᠭ 70 ᠭᠠᠷᠦᠢ ᠤᠳᠠᠭ᠎ᠠ ᠠᠵᠢᠯ ᠵᠤᠯᠭᠠᠭᠤᠯᠵᠦ᠂ ᠪᠦᠬᠦ ᠬᠤᠰᠢᠭᠤᠨ ᠤ 16 ᠰᠤᠷᠭᠠᠭᠤᠯᠢ᠂ 24 ᠡᠮᠨᠡᠯᠬᠡ ᠶᠢᠨ ᠬᠤᠷᠢᠶ᠎ᠠ᠂ 14 ᠰᠤᠮᠤ ᠰᠢᠶᠠᠩ ᠪᠠᠯᠭᠠᠰᠦ᠂ 91 ᠭᠠᠴᠠᠭ᠎ᠠ ᠲᠤᠰᠬᠤᠨ ᠪᠤᠯᠤᠨ ᠹᠧᠩ ᠲᠠᠢ ᠲᠤᠭᠤᠷᠢᠭ ᠤᠨ 17 ᠰᠤᠷᠭᠠᠭᠤᠯᠢ᠂ 16 ᠡᠮᠨᠡᠯᠬᠡ ᠶᠢᠨ ᠬᠤᠷᠢᠶ᠎ᠠ᠂ 14 ᠵᠡᠬᠡᠯᠢ ᠪᠠᠯᠭᠠᠰᠦ᠂ 48 ᠲᠤᠰᠬᠤᠨ ︵ᠨᠡᠶᠢᠬᠡᠮ ᠲᠤᠭᠤᠷᠢᠭ︶᠂ 16 ᠨᠡᠶᠢᠬᠡᠮ ᠤᠨ ᠵᠤᠬᠢᠶᠠᠨ ᠪᠠᠶᠢᠭᠤᠯᠤᠯᠳᠠ᠂ 35 ᠠᠵᠦ ᠠᠬᠤᠶᠢᠯᠠᠯ ᠲᠠᠢ ᠬᠠᠪᠰᠦᠷᠦᠨ ᠲᠡᠳᠬᠦᠬᠦ ᠬᠠᠮᠵᠢᠯᠴᠠᠭ᠎ᠠ ᠪᠠᠶᠢᠭᠤᠯᠵᠦ᠂ ᠬᠠᠪᠰᠦᠷᠦᠨ ᠲᠡᠳᠬᠦᠬᠦ 157 ᠵᠦᠪᠯᠡᠯᠴᠡᠭᠡᠷ ᠲᠤᠬᠳᠠᠵᠦ᠂ ᠬᠠᠪᠰᠦᠷᠦᠨ ᠲᠡᠳᠬᠦᠬᠦ ᠠᠷᠭ᠎ᠠ ᠠᠪᠴᠠᠯ 400 ᠭᠠᠷᠦᠢ ᠵᠦᠢᠯ ᠭᠠᠷᠭᠠᠵᠤ᠂ ᠹᠧᠩ ᠲᠠᠢ ᠲᠤᠭᠤᠷᠢᠭ ᠤᠨ ᠨᠡᠶᠢᠬᠡᠮ ᠤᠨ ᠡᠯ᠎ᠡ ᠡᠳᠡᠭᠡᠳ ᠠᠴᠠ 703.96 ᠲᠦᠮᠡᠨ ᠲᠦᠬᠦᠷᠢᠭ ᠤᠨ ᠡᠳ᠋ ᠪᠤᠳᠠᠰ ᠬᠠᠨᠳᠢᠪᠯᠠᠵᠠᠢ᠃7 ᠰᠠᠷ᠎ᠠ ᠶᠢᠨ 10 ᠤ ᠡᠳᠦᠷ᠂ ᠪᠡᠬᠡᠵᠢᠩ ᠬᠤᠳᠠ ᠶᠢᠨ ᠹᠧᠩ ᠲᠠᠢ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠱᠤᠤ  ᠹᠧᠩ ᠵᠠᠯᠠᠶᠢᠳ ᠬᠤᠰᠢᠭᠤᠨ ᠳᠤ ᠢᠷᠡᠵᠦ ᠵᠡᠬᠦᠨ ᠪᠠᠷᠠᠭᠤᠨ ᠤᠷᠤᠨ ᠤ ᠬᠠᠮᠵᠢᠯᠴᠠᠭᠠᠨ ᠤ ᠠᠵᠢᠯ ᠢ ᠵᠤᠯᠭᠠᠭᠤᠯᠵᠦ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠵᠢᠯ ᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠵᠠᠢ᠃ ᠬᠤᠶᠠᠷ ᠭᠠᠵᠠᠷ ᠢᠶᠠᠷ ᠢᠶᠠᠨ ᠬᠤᠯᠪᠤᠭᠠᠯᠠᠨ ︽ᠹᠧᠩ ᠲᠠᠢ ᠲᠤᠭᠤᠷᠢᠭ ᠪᠤᠯᠤᠨ ᠵᠠᠯᠠᠶᠢᠳ ᠬᠤᠰᠢᠭᠤ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠬᠦᠭᠵᠢᠯᠳᠡ ᠶᠢ ᠬᠦᠨᠵᠡᠬᠡᠶᠢᠷᠡᠬᠦᠯᠬᠦ ᠲᠦᠯᠦᠪᠵᠢᠬᠦᠯᠬᠡ ︾ ᠶᠢ ᠲᠤᠬᠳᠠᠭᠠᠵᠦ᠂ ᠵᠢᠭᠤᠯᠴᠢᠯᠠᠯ᠂ ᠡᠮ ᠡᠮᠨᠡᠯᠬᠡ᠂ ᠰᠤᠷᠭᠠᠨ ᠬᠦᠮᠦᠵᠢᠯ᠂ ᠬᠡᠷᠡᠭᠯᠡᠭᠡ᠂ ᠠᠵᠦ ᠦᠢᠯᠡᠰ᠂ ᠰᠢᠨᠵᠢᠯᠡᠭᠡ ᠮᠡᠷᠬᠡᠵᠢᠯ᠂ ᠬᠠᠪᠰᠦᠷᠦᠨ ᠲᠡᠳᠬᠦᠬᠦ 7 ᠬᠦᠷᠢᠶ᠎ᠡ ᠳᠤ᠂ ᠨᠡᠷᠡᠳᠤ ᠲᠡᠮᠳᠡᠭ ᠢ ᠪᠤᠶᠢᠵᠢᠭᠤᠯᠵᠦ᠂ ᠬᠤᠶᠠᠷ ᠭᠠᠵᠠᠷ ᠤᠨ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠤᠤᠰ ᠢᠯᠡᠯᠳᠡ ᠶᠢ ᠪᠡᠶᠡᠯᠡᠬᠦᠯᠬᠦ ᠶᠢ ᠠᠬᠢᠭᠤᠯᠵᠠᠢ᠃ 2023 ᠤᠨ ᠳᠤ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠯᠡ ᠮᠦᠡᠭᠬᠦ ᠶᠢ 7597.82 ᠲᠦᠮᠡᠨ ᠲᠦᠬᠦᠷᠢᠭ ᠲᠤᠭᠤᠰᠢᠯᠠᠭᠤᠯᠵᠦ᠂ 14 ᠲᠦᠷᠦᠯ ᠵᠦᠢᠯ ᠢ ᠬᠡᠷᠡᠭᠵᠢᠬᠦᠯᠵᠡᠢ᠃ 2024 ᠤᠨ ᠳᠤ᠂ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠲᠡᠳᠬᠦᠬᠦ ᠪᠡᠯᠡ ᠮᠦᠡᠭᠬᠦ ᠶᠢ 8270 ᠲᠦᠮᠡᠨ ᠲᠦᠬᠦᠷᠢᠭ ᠲᠡᠮᠡᠴᠡᠨ ᠤᠯᠵᠦ᠂ 17 ᠲᠦᠷᠦᠯ ᠵᠦᠢᠯ ᠢ ᠬᠡᠷᠡᠭᠵᠢᠬᠦᠯᠵᠡᠢ᠃       ᠲᠦᠷᠦᠯ ᠵᠦᠢᠯ ᠤᠨ ᠪᠠᠶᠢᠭᠤᠯᠤᠯᠳᠠ ᠪᠠᠷ ᠠᠵᠦ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ        ᠵᠠᠯᠠᠶᠢᠳ ᠬᠤᠰᠢᠭᠤᠨ ᠤ ᠬᠦᠷᠡᠯ ᠪᠠᠯᠭᠠᠰᠦ ᠶᠢᠨ ᠬᠤᠳᠠᠳᠠᠢ ᠭᠠᠴᠠᠭ᠎ᠠ ᠶᠢᠨ ᠤᠯᠤᠰ ᠤᠨ ᠮᠠᠯ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠭᠤᠤᠯᠯᠠᠬᠴᠢ ᠵᠢᠱᠢᠶ᠎ᠡ ᠦᠵᠡᠬᠦᠯᠬᠦ ᠤᠷᠤᠨ 2 ᠲᠦᠮᠡᠨ ᠰᠢᠯᠢᠳᠡᠭ  ᠮᠢᠬᠠᠨ ᠦᠬᠡᠷ ᠤᠨ ᠠᠮᠢ ᠠᠬᠤᠢ ᠶᠢᠨ ᠲᠦᠷᠦᠯ ᠵᠦᠢᠯ ᠤᠨ ᠲᠤᠭᠤᠷᠢᠭ ᠲᠤ ᠲᠠᠷᠭᠤ ᠰᠠᠶᠢᠳᠠᠢ ᠰᠢᠮᠧᠨ᠋ᠲ᠋ᠠᠷ ᠦᠬᠡᠷ ᠡᠪᠡᠰᠦ ᠢᠳᠡᠰᠢᠯᠡᠵᠦ ᠪᠠᠶᠢᠯ᠎ᠠ᠃      ᠲᠤᠰ ᠲᠦᠷᠦᠯ ᠵᠦᠢᠯ ᠪᠤᠯ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠬᠠᠪᠰᠦᠷᠦᠨ ᠲᠡᠳᠬᠦᠬᠦ ᠲᠦᠷᠦᠯ ᠵᠦᠢᠯ ᠪᠠᠶᠢᠵᠦ᠂ ᠡᠪᠡᠰᠦ ᠲᠠᠷᠢᠬᠤ᠂ ᠦᠬᠡᠷ ᠬᠤᠨᠢ ᠲᠡᠵᠢᠬᠡᠵᠦ ᠦᠷᠡᠵᠢᠬᠦᠯᠬᠦ᠂ ᠡᠬᠦᠯᠳᠡᠷ ᠰᠠᠶᠢᠵᠢᠷᠠᠭᠤᠯᠬᠤ᠂ ᠨᠢᠳᠤᠯᠬᠤ ᠪᠤᠯᠤᠨ ᠨᠠᠷᠢᠯᠢᠭ ᠡᠳ᠋ᠰᠢᠬᠦᠯᠦᠨ ᠪᠤᠯᠪᠠᠰᠦᠷᠠᠭᠤᠯᠬᠤ ᠵᠡᠷᠭᠡ ᠤᠯᠠᠨ ᠬᠦᠷᠢᠶ᠎ᠡ ᠶᠢ ᠪᠠᠭᠳᠠᠭᠠᠵᠦ᠂ ︽ᠲᠡᠷᠢᠵᠦ ᠲᠡᠵᠢᠬᠡᠬᠦ ᠪᠠᠷ ᠬᠠᠷᠢᠯᠴᠠᠨ ᠠᠬᠢᠭᠤᠯᠬᠤ᠂ ᠭᠤᠷᠪᠠᠨ ᠠᠵᠦ ᠦᠢᠯᠡᠰ ᠤᠨ ᠬᠦᠨᠵᠡᠬᠡᠢ ᠠᠭᠤᠰᠤᠯᠴᠠᠯ᠂ ᠡᠷᠡᠬᠦᠯ ᠴᠢᠬᠢᠷᠠᠭ ᠠᠮᠦᠷ ᠲᠦᠪᠰᠢᠨ ᠪᠤᠬᠢᠷᠳᠦᠯ ᠦᠬᠡᠢ ᠪᠠ ᠮᠠᠯ ᠠᠵᠦ ᠠᠬᠤᠢ ᠶᠢ ᠬᠦᠭᠵᠢᠬᠦᠯᠦᠨ ᠲᠠᠷᠢᠶᠠᠴᠢᠳ ᠢ ᠪᠠᠶᠠᠵᠢᠭᠤᠯᠬᠤ︾ ᠨᠡᠶᠢᠯᠡᠮᠡᠯ ᠬᠡᠯᠪᠡᠷᠢ ᠶᠢᠨ ᠤᠳᠤᠬᠢᠴᠢᠯᠠᠬᠰᠠᠨ ᠮᠢᠠᠬᠨ ᠦᠬᠡᠷ ᠤᠨ ᠠᠵᠦ ᠦᠢᠯᠡᠰ ᠢ ᠪᠦᠷᠢᠯᠳᠦᠬᠦᠯᠵᠡᠢ᠃ ᠲᠤᠰ ᠲᠠᠯᠠᠪᠠᠢ ᠵᠢᠯ ᠳᠤ 3 ᠲᠦᠮᠡᠨ ᠮᠤ᠋ ᠬᠦᠭᠡ ᠪᠤᠷᠳᠤᠭ᠎ᠠ ᠵᠢᠴᠢ ᠡᠰᠢ ᠰᠦᠷᠡᠯ ᠬᠡᠷᠡᠭᠯᠡᠵᠦ᠂ 100 ᠢᠯᠡᠬᠦᠦ ᠬᠦᠮᠦᠨ ᠳᠤ ᠠᠵᠢᠯ ᠤᠯᠭᠤᠵᠦ᠂ ᠮᠢᠩᠭ᠎ᠠ ᠭᠠᠷᠦᠢ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠵᠦ᠂ 50 ᠲᠦᠮᠡᠨ ᠮᠤ᠋ ᠡᠪᠡᠰᠦ ᠪᠡᠯᠴᠢᠬᠡᠷ ᠢ ᠬᠠᠮᠠᠭᠠᠯᠠᠨ ᠰᠡᠷᠬᠦᠬᠡᠵᠡᠢ᠃       ᠵᠠᠯᠠᠶᠢᠳ ᠬᠤᠰᠢᠭᠤ ᠤᠯᠤᠰ ᠤᠨ ᠲᠠᠷᠢᠶᠠᠯᠠᠩ ᠤᠨ ᠤᠳᠤᠬᠢᠴᠢᠯᠠᠬᠰᠠᠨ ᠵᠢᠱᠢᠶ᠎ᠡ ᠦᠵᠡᠬᠦᠯᠬᠦ ᠤᠷᠤᠨ ᠢ ᠪᠠᠶᠢᠭᠤᠯᠤᠬᠰᠠᠠ ᠨᠢ ᠪᠦᠷ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠠᠵᠢᠯ ᠠᠴᠠ ᠰᠠᠯᠵᠦ ᠴᠢᠳᠠᠬᠤ ᠦᠬᠡᠢ ᠶᠤᠮ᠃ ᠮᠠᠯᠴᠢᠨ ᠲᠠᠷᠢᠶᠠᠴᠢᠳ ᠲᠠᠢ ᠠᠰᠢᠭ ᠲᠤᠰᠠ ᠶᠢᠨ ᠲᠤᠬᠳᠠᠴᠠ ᠶᠢ ᠪᠠᠶᠢᠭᠤᠯᠵᠦ᠂ ᠡᠪᠡᠰᠦᠨ ᠠᠵᠦ ᠦᠢᠯᠡᠰ᠂ ᠠᠮᠢ ᠠᠬᠤᠢ ᠶᠢᠨ ᠤᠷᠴᠢᠨ ᠲᠤᠭᠤᠷᠢᠨ ᠪᠤᠯᠤᠨ ᠤᠷᠤᠯᠭ᠎ᠠ ᠶᠢ ᠨᠡᠮᠡᠭᠳᠡᠬᠦᠯᠦᠨ ᠬᠠᠮᠳᠤᠪᠡᠷ ᠪᠠᠶᠠᠵᠢᠬᠤ ᠶᠢ ᠪᠡᠶᠡᠯᠡᠬᠦᠯᠵᠡᠢ᠃                       ︵ᠪᠠᠢ ᠢᠤᠢ ᠯᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号