ᠪᠡᠭᠡᠵᠢᠩ ᠤᠨ 23 ᠠᠵᠤ ᠠᠬᠤᠶᠢᠯᠠᠯ ᠬᠢᠩᠭᠠᠨ ᠠᠶᠢᠮᠠᠭ ᠲᠤ ᠨᠤᠳᠤᠭᠰᠢᠵᠠᠢ
ᠨᠡᠶᠢᠲᠡᠯᠡᠭᠰᠡᠨ ᠴᠠᠭ᠄
2024/8/22
     ᠤᠶᠢᠷ᠎ᠠ ᠶᠢᠨ ᠡᠳᠦᠷ᠂ ᠱᠧ ᠴᠤᠸᠠᠩ ᠳᠠᠷᠢᠶᠠᠯᠠᠩ ᠲᠦᠴᠢᠦᠸᠠᠨ ᠰᠢᠶᠠᠨ ᠤ ᠰᠠᠶᠢᠬᠠᠨᠬᠤᠸᠠ ᠰᠢᠭᠦᠰᠦᠯᠢᠭ ᠵᠢᠮᠢᠰ ᠤᠨ ᠣᠶᠤᠨᠴᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ︽ᠪᠠᠶᠢᠭᠠᠯᠢᠭ ᠲᠠᠷᠢᠶᠠᠯᠠᠩ ᠤᠨ ᠵᠢᠭᠤᠯᠴᠢᠯᠠᠯ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠡᠯᠡᠭᠦᠴᠡᠯ + ᠤᠶᠤᠨᠲᠤ ᠲᠠᠷᠢᠶᠠᠯᠠᠩ︾ ᠢ ᠠᠭᠤᠰᠤᠯᠴᠠᠭᠤᠯᠤᠭᠰᠠᠨ ᠠᠮᠢ ᠠᠬᠤᠶ ᠶᠢᠨ ᠴᠡᠩᠭᠡᠯ ᠤᠨ ᠬᠦᠷᠢᠶᠡᠯᠡᠩ ᠪᠤᠯᠬᠤ ︽ᠴᠢᠶᠠᠨ · ᠬᠠᠶ ᠺᠧ ᠵᠶᠢ — ᠵᠦᠡᠭ ᠪᠥᠸᠧ ᠳᠠᠷᠢᠶᠠᠯᠠᠩ ᠤᠨ ᠲᠤᠷᠰᠢᠯᠲᠠ ᠶᠢᠨ ᠲᠠᠰᠤᠭ︾ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠭᠤᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠭᠠᠯᠢ ᠶᠢᠨ ᠦᠨᠢᠶᠡᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠬᠤᠭᠤᠰᠤᠨ ᠢ ᠨᠦᠬᠦᠪᠦᠷᠢᠯᠡᠵᠡᠢ᠃ ᠵᠢᠶᠠ  ᠾᠧ ᠠᠮᠤ ᠪᠤᠳᠠᠭᠠᠨ ᠤ ᠦᠢᠯᠡᠰ ᠬᠢᠩᠭᠠᠨ ᠠᠶᠢᠮᠠᠭ ᠤᠨ ᠲᠤᠲᠤᠷᠭ᠎ᠠ ᠶᠢᠨ ᠦᠢᠯᠡᠰ ᠤᠨ ᠬᠥᠭᠵᠢᠯᠲᠡ ᠶᠢ ᠠᠬᠢᠭᠤᠯᠵᠦ᠂ ᠬᠠᠨ ᠵᠢᠶᠠᠨ ᠾᠧ ᠱᠠᠨ ᠬᠠᠮᠢᠶᠠᠷᠤᠯᠲᠠ ᠶᠢᠨ ᠦᠢᠯᠡᠰ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠤᠭᠤᠰᠤᠨ ᠢ ᠨᠦᠬᠦᠪᠦᠷᠢᠯᠡᠵᠦ᠂ ᠲᠦᠭᠦᠬᠡᠶ ᠡᠳ᠋ ᠪᠣᠯᠪᠠᠰᠤᠷᠠᠭᠤᠯᠬᠤ ᠦᠢᠯᠡᠰ᠂ ᠪᠣᠳᠠᠰ ᠤᠨ ᠭᠦᠢᠯᠭᠡᠭᠡᠨ ᠤ ᠦᠢᠯᠡᠰ ᠂ ᠲᠡᠭᠡᠭᠡᠪᠦᠷᠢ ᠶᠢᠨ ᠦᠢᠯᠡᠰ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃      ᠣᠳᠣ ᠪᠣᠯᠲᠠᠯ᠎ᠠ᠂ ᠪᠡᠭᠡᠵᠢᠩ ᠤᠨ 23 ᠠᠵᠤ ᠠᠬᠤᠶᠢᠯᠠᠯ ᠵᠠᠯᠭᠠᠭ᠎ᠠ ᠪᠠᠷ ᠬᠢᠩᠭᠠᠨ ᠠᠶᠢᠮᠠᠭ ᠲᠤ ᠨᠤᠳᠤᠭᠰᠢᠵᠦ᠂ ᠨᠡᠶᠢᠲᠡ 6.61 ᠳ᠋ᠦᠩᠰᠢᠭᠤᠷ ᠲᠥᠭᠦᠷᠢᠭ ᠪᠡᠯᠡ ᠣᠷᠣᠭᠤᠯᠵᠦ᠂ ᠮᠠᠯᠵᠢᠬᠤ ᠲᠠᠷᠢᠶᠠᠯᠠᠬᠤ ᠤᠷᠤᠨ ᠤ 1200 ᠡᠷᠦᠬᠡ ᠳᠤ ᠠᠵᠢᠯ ᠣᠯᠭᠤᠨ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1.2 ᠲᠦᠮᠡᠨ ᠲᠥᠭᠦᠷᠢᠭ ᠲᠤ ᠬᠦᠷᠭᠡᠵᠡᠢ᠃ ᠡᠳᠦᠬᠡ ᠪᠡᠭᠡᠵᠢᠩ ᠤᠨ ᠠᠯᠢ ᠤᠯᠠᠨ ᠣᠳᠣᠬᠢᠴᠢᠯᠠᠭᠰᠠᠨ ᠮᠠᠯᠵᠢᠯ ᠤᠨ ᠲᠠᠯᠠᠪᠠᠢ ᠬᠢᠩᠭᠠᠨ ᠠᠶᠢᠮᠠᠭ ᠲᠤ ᠨᠤᠳᠤᠭᠰᠢᠭᠰᠠᠨ ᠨᠢ ᠬᠢᠩᠭᠠᠨ ᠠᠶᠢᠮᠠᠭ ᠲᠤ ᠪᠡᠯᠡ ᠮᠥᠩᠭᠦ ᠪᠠ ᠰᠢᠨ᠎ᠠ ᠮᠡᠷᠭᠡᠵᠢᠯ ᠢ ᠠᠪᠴᠢᠷᠡᠵᠦ ᠦᠭᠬᠦᠭᠰᠡᠨ ᠢᠶᠠᠷ ᠪᠠᠷᠠᠬᠤ ᠦᠭᠡᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠬᠦᠯᠵᠦ᠂ ᠭᠠᠶᠢᠯᠢ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃ ᠡᠨᠡ ᠨᠢ ᠪᠡᠭᠡᠵᠢᠩ ᠦᠪᠦᠷ ᠮᠤᠩᠭᠤᠯ ᠤᠨ ᠭᠦᠨ ᠵᠤᠵᠠᠭᠠᠨ ᠨᠥᠬᠦᠷᠯᠡᠯ ᠤᠨ ᠭᠡᠷᠡᠴᠢ᠂ ᠨᠠᠩ ᠴᠤ ᠠᠵᠤ ᠦᠢᠯᠡᠰ ᠤᠨ ᠬᠠᠮᠵᠢᠯᠴᠠᠭ᠎ᠠ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠮᠥᠨ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号