︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠦᠷᠦᠨ ᠲᠡᠳᠬᠦᠭᠦ ᠪᠠᠷ ᠡᠮᠴᠢᠯᠡᠬᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/8/22
      ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠤ ᠡᠪᠡᠳᠴᠢᠳᠡᠨ ᠤ ᠦᠷᠦᠬᠡᠨ ᠳᠤ᠂ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠤᠨ ᠲᠠᠭᠠᠭᠤᠯᠤᠬᠴᠢ᠂ ᠪᠡᠬᠡᠵᠢᠩ ᠬᠤᠳᠠ ᠶᠢᠨ ᠹᠧᠩ ᠲᠠᠢ ᠡᠮᠨᠡᠯᠬᠡ ᠶᠢᠨ ᠬᠤᠷᠢᠶ᠎ᠠ ᠶᠢᠨ ᠰᠢᠬᠡᠰᠦ ᠱᠦᠬᠦᠷᠡᠬᠦᠯᠬᠦ ᠭᠠᠳᠠᠷ ᠰᠠᠯᠠᠭᠠᠨ ᠤ ᠡᠷᠬᠢᠯᠡᠭᠴᠢ ᠡᠮᠴᠢ ᠵᠠᠩ ᠸᠧᠨ᠄ ︽ᠮᠡᠰᠡ ᠵᠠᠰᠠᠯ ᠤᠨ ᠲᠠᠷᠠᠭ᠎ᠠ ᠪᠡᠶ᠎ᠡ ᠴᠢᠨᠢ ᠶᠠᠮᠠᠷ ᠪᠠᠶᠢᠨ᠎ᠠ︖ ᠬᠡᠪ ᠤᠨ ᠶᠠᠩᠵᠦ ᠪᠠᠷ ᠢᠳᠡᠵᠦ ᠪᠠᠶᠢᠨ᠎ᠠ ᠤᠤ︖︾ ᠬᠡᠵᠦ ᠡᠪᠡᠳᠴᠢᠳᠡᠨ ᠤ ᠪᠠᠶᠢᠳᠠᠯ ᠢ ᠠᠰᠠᠭᠤᠵᠦ ᠪᠠᠶᠢᠪᠠ᠃       ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠦᠷᠦᠨ ᠲᠡᠳᠬᠦᠭᠦ ᠪᠠᠷ ᠠᠵᠠ ᠲᠤᠬᠢᠶᠠᠯ ᠪᠤᠯᠭᠠᠵᠦ᠂ ᠪᠡᠬᠡᠵᠢᠩ ᠬᠤᠳᠠ ᠶᠢᠨ  ᠹᠧᠩ ᠲᠠᠢ ᠲᠤᠭᠤᠷᠢᠭ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮᠴᠢᠯᠡᠬᠡᠨ ᠤ ᠴᠢᠳᠠᠪᠦᠷᠢᠳᠠᠨ ᠬᠠᠪᠰᠦᠷᠦᠨ ᠲᠡᠳᠬᠦᠬᠦ ᠪᠦᠯᠬᠦᠮ ᠤᠨ ᠲᠠᠪᠠᠭᠤᠯᠢᠭ ᠢᠶᠠᠨ ᠪᠦᠷᠢᠮᠦᠰᠦᠨ ᠪᠠᠳᠠᠷᠠᠭᠤᠯᠵᠦ᠂ ᠲᠤᠬᠠᠢ ᠶᠢᠨ ᠭᠠᠵᠠᠷ ᠤᠨ ᠡᠮᠴᠢᠯᠡᠬᠡᠨ ᠤ ᠦᠢᠯᠡᠴᠢᠯᠡᠭᠡ ᠶᠢᠨ ᠶᠡᠷᠦᠩᠭᠡᠶᠢᠯᠡᠭᠰᠡᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠥ ᠪᠠᠶᠢᠨ᠎ᠠ᠃       ᠰᠢᠬᠡᠰᠦ ᠱᠦᠬᠦᠷᠡᠬᠦᠯᠬᠦ ᠭᠠᠳᠠᠷ ᠰᠠᠯᠠᠭ᠎ᠠ ᠠᠴᠠ ᠭᠠᠳᠠᠨ᠎ᠠ᠂ ᠬᠤᠶᠠᠷ ᠪᠦᠯᠦᠭ 9 ᠨᠡᠷᠡᠰ ᠠᠳᠠᠯᠢ ᠪᠤᠰᠤ ᠬᠦᠷᠢᠶᠡᠨ ᠤ ᠲᠤᠰᠬᠠᠢ ᠮᠡᠷᠬᠡᠵᠢᠯᠳᠡᠨ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢ ᠬᠠᠪᠰᠦᠷᠦᠨ 6 ᠭᠤᠤᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠦ᠂ 21 ᠲᠥᠷᠥᠯ ᠤᠨ ᠰᠢᠨ᠎ᠡ ᠮᠡᠷᠬᠡᠵᠢᠯ ᠢ ᠬᠡᠷᠡᠭᠵᠢᠬᠦᠯᠵᠡᠢ᠃ ᠴᠡᠭᠡᠵᠢ ᠡᠪᠡᠳᠬᠦ᠂ ᠰᠠ ᠡᠪᠡᠳᠴᠢᠨ᠂ ᠰᠢᠷᠬ᠎ᠠ᠂ ᠵᠢᠷᠮᠦᠰᠦᠨ ᠬᠦᠡᠭᠭᠡᠵᠢᠭᠰᠡᠨ ᠡᠮᠡᠭᠳᠡᠢ᠂ ᠨᠢᠯᠬ᠎ᠠ ᠬᠡᠤᠬᠡᠳ ᠢ ᠪᠠᠴᠢᠮ ᠠᠪᠦᠷᠠᠬᠤ ︽ᠲᠠᠪᠦᠨ ᠶᠡᠭᠡ ᠲᠦᠪ︾ ᠢ ᠬᠠᠪᠰᠦᠷᠦᠨ ᠪᠠᠶᠢᠭᠤᠯᠵᠦ᠂ 6 ᠭᠤᠤᠯᠳᠠᠯᠭ᠎ᠠ ᠲᠠᠢ ᠲᠤᠰᠬᠠᠢ ᠰᠠᠯᠠᠭ᠎ᠠ ᠶᠢ ᠨᠡᠮᠡᠵᠦ ᠲᠤᠬᠢᠷᠠᠭᠤᠯᠤᠨ᠂ ᠬᠢᠳᠡᠳ ᠡᠮᠨᠡᠯᠬᠡ ᠶᠢᠨ ᠡᠷᠡᠬᠦᠯᠵᠢᠯ ᠤᠨ ᠰᠠᠯᠠᠭ᠎ᠠ᠂ ᠠᠮᠢᠰᠬᠤᠯ ᠤᠨ ᠰᠠᠯᠠᠭ᠎ᠠ᠂ ᠲᠦᠷᠬᠡᠨ ᠡᠮᠨᠡᠯᠬᠡ ᠶᠢᠨ ᠬᠢᠨᠠᠨ ᠬᠠᠮᠠᠭᠠᠯᠠᠬᠤ ᠡᠪᠡᠳᠴᠢᠳᠡᠨ ᠤ ᠦᠷᠦᠬᠡ ᠶᠢ ᠰᠢᠨ᠎ᠠ ᠪᠠᠷ ᠪᠠᠶᠢᠭᠤᠯᠵᠦ᠂ ᠲᠤᠰᠬᠠᠢ ᠰᠠᠯᠠᠭ᠎ᠠ ᠶᠢᠨ ᠦᠢᠯᠡᠴᠢᠯᠡᠬᠡᠨ ᠤ ᠴᠢᠳᠠᠪᠦᠷᠢ ᠶᠢ ᠪᠦᠳᠦᠮᠵᠢᠳᠡᠢ ᠲᠡᠭᠡᠭᠰᠢᠯᠡᠬᠦᠯᠵᠡᠢ᠃ ᠤᠳᠤ ᠪᠤᠯᠳᠠᠯ᠎ᠠ᠂ ᠡᠮᠴᠢᠯᠡᠬᠡᠨ ᠤ ᠬᠠᠪᠰᠦᠷᠦᠨ ᠲᠡᠳᠬᠦᠬᠦ ᠪᠦᠯᠬᠦᠮ ᠤᠨ ᠡᠮᠴᠢ ᠨᠠᠷ ᠨᠡᠶᠢᠳᠡ 152 ᠮᠡᠰᠡ ᠵᠠᠰᠠᠯ ᠬᠢᠵᠦ᠂ 23330 ᠬᠦᠮᠦᠨ ᠢ ᠤᠨᠤᠰᠢᠯᠠᠨ ᠵᠠᠰᠠᠵᠠᠢ᠃ ᠴᠢᠳᠠᠪᠦᠷᠢᠳᠠᠨ ᠬᠦᠮᠦᠵᠢᠬᠦᠯᠬᠦ ᠲᠤᠬᠳᠠᠴᠠ ᠶᠢ ᠢᠳᠡᠪᠬᠢᠳᠡᠢ ᠪᠠᠶᠢᠭᠤᠯᠵᠦ᠂ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠦᠷᠦᠨ ᠲᠡᠳᠬᠦᠬᠦ᠂ ᠪᠡᠬᠡᠵᠢᠩ ᠳᠤ ᠬᠦᠷᠴᠦ ︽ᠠᠵᠢᠯ ᠤᠨ ᠪᠠᠶᠢᠷᠢᠨ ᠳᠤᠨᠢ ᠲᠠᠭᠠᠵᠦ ᠰᠤᠷᠤᠯᠴᠠᠬᠤ︾ ᠪᠤᠯᠪᠠᠰᠦᠷᠠᠯ ᠪᠠ ︽ᠪᠡᠬᠡᠵᠢᠩ ᠬᠤᠳᠠ ᠶᠢᠨ ᠡᠮᠴᠢ ᠶᠢ ᠦᠨᠳᠦᠰᠦᠨ ᠱᠠᠳᠦᠨ ᠳᠤ ᠲᠤᠮᠢᠯᠠᠨ ᠰᠠᠭᠤᠯᠭᠠᠬᠤ︾ ᠬᠠᠪᠰᠦᠷᠦᠨ ᠲᠡᠳᠬᠦᠬᠦ ᠠᠵᠢᠯ ᠢ ᠤᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠡᠮᠨᠡᠯᠬᠡ ᠶᠢᠨ ᠬᠤᠷᠢᠶ᠎ᠠ ᠶᠢᠨ ᠲᠤᠰᠬᠠᠢ ᠰᠠᠯᠠᠭᠠᠨ ᠤ ᠡᠮᠴᠢ ᠶᠢᠨ ᠡᠪᠡᠳᠴᠢᠨ ᠤᠨᠤᠰᠢᠯᠠᠬᠤ ᠬᠢᠷᠢ ᠲᠦᠪᠰᠢᠨ ᠢ ᠲᠡᠭᠡᠭᠰᠢᠯᠡᠬᠦᠯᠵᠦ ᠪᠤᠢ᠃ ᠤᠳᠤ᠂ ᠨᠡᠶᠢᠳᠡ 39 ᠨᠡᠷᠡᠰ ᠵᠠᠯᠠᠭᠤ ᠡᠮᠴᠢ ᠬᠦᠮᠦᠵᠢᠬᠦᠯᠦᠭᠰᠡᠨ ᠪᠦᠭᠡᠳ ᠤᠯᠠᠨ ᠡᠮᠴᠢ ᠶᠢ ᠵᠤᠬᠢᠴᠠᠭᠤᠯᠤᠨ ᠪᠡᠬᠡᠵᠢᠩ ᠬᠤᠳᠠ ᠶᠢᠨ ᠹᠧᠩ ᠲᠠᠢ ᠡᠮᠨᠡᠯᠬᠡ ᠶᠢᠨ ᠬᠤᠷᠢᠶᠠᠨ ᠳᠤ ᠤᠴᠢᠭᠤᠯᠵᠦ ᠰᠤᠷᠤᠯᠴᠠᠭᠤᠯᠵᠦ ᠪᠠᠶᠢᠨ᠎ᠠ᠃       ︽ᠡᠮᠴᠢᠯᠡᠬᠡᠨ ᠤ ᠬᠠᠮᠳᠤ ᠶᠢᠨ ᠴᠤᠬᠴᠠ︾ ᠪᠠᠷ ᠲᠠᠮᠵᠢᠭᠤᠯᠤᠨ᠂ ᠦᠨᠳᠦᠰᠦᠨ ᠱᠠᠳᠦᠨ ᠤ ᠡᠮᠨᠡᠯᠬᠡ ᠶᠢᠨ ᠬᠤᠷᠢᠶ᠎ᠠ ᠶᠢ ᠢᠳᠡᠪᠬᠢᠳᠡᠢ ᠬᠠᠮᠳᠤᠪᠡᠷ ᠪᠠᠶᠢᠭᠤᠯᠤᠨ᠂ ᠬᠠᠪᠰᠦᠷᠦᠨ ᠲᠡᠳᠬᠦᠬᠦ ᠠᠵᠢᠯ ᠢ ᠬᠡᠷᠡᠭᠵᠢᠬᠦᠯᠬᠦ ᠲᠦᠰᠦᠪ ᠲᠤᠬᠳᠠᠭᠠᠵᠦ᠂ ᠨᠡᠶᠢᠳᠡ ᠶᠢᠨ ᠡᠷᠡᠬᠦᠯ ᠬᠠᠮᠠᠭᠠᠯᠠᠯ᠂ ᠦᠨᠳᠦᠰᠦᠨ ᠡᠮᠴᠢᠯᠡᠭᠡ᠂ ᠲᠤᠬᠠᠶᠢᠯᠠᠬᠰᠠᠨ ᠠᠵᠢᠯ ᠤᠨ ᠮᠡᠷᠬᠡᠵᠢᠯ ᠵᠡᠷᠭᠡ ᠲᠠᠯ᠎ᠠ ᠪᠠᠷ ᠸᠢᠳᠢᠤ᠋ ᠵᠢᠭᠠᠨ ᠰᠤᠷᠭᠠᠯᠳᠠ᠂ ᠠᠯᠦᠰ ᠡᠵᠡᠮᠰᠢᠯ ᠵᠡᠷᠭᠡ ᠬᠡᠯᠪᠡᠷᠢ ᠪᠠᠷ ᠵᠢᠭᠠᠨ ᠰᠤᠷᠭᠠᠯᠳᠠ ᠶᠢᠨ ᠠᠵᠢᠯᠯᠠᠭ᠎ᠠ ᠶᠢ 72 ᠤᠳᠠᠭ᠎ᠠ ᠦᠷᠨᠢᠬᠦᠯᠵᠦ᠂ ᠰᠤᠮᠤ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠶᠡᠷᠦᠩᠭᠡᠶᠢᠯᠡᠭᠰᠡᠨ ᠴᠢᠳᠠᠪᠦᠷᠢ ᠶᠢᠨ ᠪᠠᠶᠢᠭᠤᠯᠤᠯᠳᠠ ᠶᠢ ᠠᠬᠢᠭᠤᠯᠵᠦ ᠪᠤᠢ᠃ ᠡᠬᠦᠨ ᠠᠴᠠ ᠭᠠᠳᠠᠨ᠎ᠠ᠂ ᠬᠦᠳᠡᠭᠡ ᠲᠤᠰᠬᠤᠨ ᠢᠶᠠᠷ ᠬᠦᠨᠵᠡᠬᠡᠶᠢᠷᠡᠨ ᠠᠯᠪᠠᠨ ᠵᠢᠷᠦᠮ ᠤᠨ ᠡᠮᠴᠢᠯᠡᠭᠡ᠂ ᠵᠢᠭᠠᠨ ᠰᠤᠷᠭᠠᠯᠳᠠ ᠶᠢᠨ ᠡᠮᠴᠢᠯᠡᠭᠡ ᠦᠷᠨᠢᠬᠦᠯᠵᠦ᠂ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠪᠦᠳᠦᠮᠵᠢᠳᠡᠢ ᠪᠠᠷ ᠲᠤᠷᠤᠬᠰᠢ ᠪᠠᠭᠤᠯᠭᠠᠵᠠᠢ᠃ ᠤᠳᠤ ᠨᠢᠬᠡᠨᠳᠡ 29 ᠤᠳᠠᠭ᠎ᠠ ᠠᠯᠪᠠᠨ ᠵᠢᠷᠦᠮ ᠤᠨ ᠡᠮᠴᠢᠯᠡᠭᠡ ᠦᠷᠨᠢᠬᠦᠯᠵᠦ᠂ 4882 ᠬᠦᠮᠦᠨ ᠳᠤ ᠠᠰᠢᠭ ᠬᠦᠷᠳᠡᠭᠡᠵᠦ᠂ ᠤᠯᠠᠨ ᠲᠦᠮᠡᠨ ᠳᠤ ᠰᠢᠯᠢᠳᠡᠭ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠠᠢ᠃                 ︵ᠪᠠᠢ ᠢᠤᠢ ᠯᠢᠶᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号