ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠨᠣᠮ ᠤᠩᠰᠢᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/8/23
         ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠬᠦ  ᠶᠢᠨ ᠲᠦᠯᠦᠭᠡ᠂ ᠣᠶᠢᠷ᠎ᠠ ᠳᠤ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠶᠢᠨ ᠲᠡᠮᠡᠭᠡᠴᠢ ᠭᠠᠴᠠᠭ᠎ᠠ ᠬᠠᠷᠢᠶ᠎ᠠ ᠤᠷᠤᠨ ᠤ ᠰᠠᠭᠤᠭᠠᠯᠢ ᠠᠷᠠᠳ ᠢ ᠵᠤᠬᠢᠶᠠᠨ ᠪᠠᠶᠢᠭᠤᠯᠵᠤ᠂ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ ︽ᠰᠠᠶᠢᠨ ᠭᠡᠷ ᠤᠨ ᠰᠤᠷᠳᠠᠯ  ᠠᠴᠢᠯᠠᠯ ᠡᠯᠪᠡᠷᠢᠯ ᠢ ᠭᠦᠢᠴᠡᠳᠭᠡᠨ ᠤᠯᠠᠮᠵᠢᠯᠠᠨ ᠵᠠᠯᠭᠠᠮᠵᠢᠯᠠᠬᠤ︾ ᠨᠣᠮ ᠤᠩᠰᠢᠬᠤ ᠠᠵᠢᠯᠯᠠᠭ᠎ᠠ ᠦᠷᠨᠢᠭᠦᠯᠪᠡ᠃     ᠲᠤᠰ ᠠᠵᠢᠯᠯᠠᠭ᠎ᠠ ᠳᠤ ᠤᠷᠤᠯᠴᠠᠭᠰᠠᠳ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠪᠤᠳᠤᠯ ᠰᠠᠨᠠᠯ ᠢᠶᠠᠨ ᠰᠣᠯᠢᠯᠴᠠᠬᠤ᠂ ᠬᠤᠪᠢ ᠬᠥᠮᠦᠨ ᠦᠪᠡᠷ ᠤᠨ ᠨᠤᠮ ᠤᠩᠰᠢᠭᠰᠠᠨ ᠲᠦᠷᠦᠭᠲᠡᠯ ᠢᠶᠠᠨ ᠬᠤᠪᠢᠶᠠᠯᠴᠠᠬᠤ ᠬᠡᠯᠪᠡᠷᠢ ᠪᠠᠷ ᠲᠡᠮᠵᠢᠭᠤᠯᠤᠨ᠂ ᠲᠡᠤᠬᠡ ᠶᠢᠨ ᠥᠯᠢᠭᠡᠷ᠂ ᠵᠢᠱᠢᠶᠡᠴᠢ ᠬᠡᠷ ᠤᠨ ᠰᠤᠷᠲᠠᠯ᠂ ᠠᠷᠢᠭᠤᠨ ᠴᠢᠬᠡᠴᠢ ᠦᠢᠯᠡ ᠶᠠᠪᠤᠳᠠᠯ ᠵᠡᠷᠭᠡ ᠠᠭᠤᠯᠭ᠎ᠠ ᠪᠦᠬᠦᠢ ᠨᠤᠮ ᠢ ᠨᠠᠷᠢᠨ ᠬᠢᠨᠠᠮᠠᠭᠠᠶ ᠤᠩᠰᠢᠨ ᠰᠤᠨᠢᠷᠬᠠᠵᠤ᠂  ᠲᠠᠳᠠᠨᠠᠷ ᠤᠨ ᠠᠷᠢᠭᠤᠨ ᠴᠢᠬᠡᠴᠢ ᠰᠣᠶᠣᠯ᠂ ᠬᠡᠷ ᠤᠨ ᠰᠤᠷᠲᠠᠯ ᠤᠨ ᠰᠣᠶᠣᠯ ᠢ ᠭᠦᠨᠵᠡᠭᠡᠢ ᠤᠶᠢᠯᠠᠭᠠᠭᠤᠯᠤᠭᠰᠠᠨ ᠪᠠᠶᠢᠨ᠎ᠠ᠃  
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号