ᠢᠨᠳᠡᠷ ᠪᠠᠯᠭᠠᠰᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ  ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/8/26
     8 ᠰᠠᠷ᠎ᠠ ᠶᠢᠨ 23 ᠤ ᠡᠳᠦᠷ ᠂ ᠵᠠᠯᠠᠶᠢᠳ ᠬᠤᠰᠢᠭᠤᠨ ᠤ ᠢᠨᠳᠡᠷ  ᠪᠠᠯᠭᠠᠰᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠠᠷᠠᠭ ᠤᠨ ᠡᠭᠡᠯᠵᠢᠳᠦ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠬᠤ᠋ ᠼᠠᠢ ᠹᠧᠩ ᠬᠤᠷᠠᠯ ᠢ ᠡᠷᠬᠢᠯᠡᠵᠦ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠪᠦᠬᠦ ᠪᠦᠷᠢᠯᠳᠦᠬᠦᠨ ᠣᠷᠣᠯᠴᠠᠪᠠ᠃      ᠬᠤᠷᠠᠯ ᠳᠡᠭᠡᠷ᠎ᠡ᠂ ᠪᠥᠬᠦ ᠨᠠᠮ ᠤᠨ ᠠᠵᠢᠯ ᠤᠨ ᠠᠵᠢᠯᠲᠠᠳ ︽2024 ᠣᠨ ᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠪᠠ ᠦᠨᠳᠦᠰᠦᠨ ᠱᠠᠲᠤᠨ ᠤ ᠵᠠᠰᠠᠯᠲᠠ ᠶᠢᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠨᠢᠭᠡᠳ ᠨᠢᠭᠡ ᠪᠠᠷ ᠬᠠᠷᠢᠭᠤ ᠮᠡᠳᠡᠭᠦᠯᠪᠡ᠃ ᠳᠠᠷᠠᠭ᠎ᠠ ᠨᠢ᠂ ᠬᠤᠷᠠᠯ ᠠᠴᠠ ᠪᠥᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠬᠡᠷᠬᠢᠨ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠠᠵᠢᠯᠲᠠᠨ ᠤ ᠬᠤᠪᠢᠷᠠᠯᠲᠠ ᠶᠢᠨ ᠪᠠᠶᠢᠳᠠᠯ ᠲᠠᠢ ᠤᠶᠠᠯᠳᠤᠭᠤᠯᠤᠨ ᠨᠠᠮ ᠤᠨ ᠶᠠᠪᠤᠳᠠᠯ ᠤᠨ  ᠲᠤᠬᠠᠶᠢᠯᠠᠭᠰᠠᠨ ᠠᠵᠢᠯᠲᠠᠳ ᠤᠨ ᠬᠤᠪᠢᠶᠠᠷᠢᠯᠠᠯ ᠢ ᠲᠤᠬᠢᠷᠠᠭᠤᠯᠪᠠ  ᠃       ᠬᠤᠷᠠᠯ ᠠᠴᠠ᠂  ᠪᠥᠬᠦ ᠨᠠᠮ ᠤᠨ ᠠᠵᠢᠯ ᠤᠨ ᠠᠵᠢᠯᠲᠠᠳ ᠶᠣᠰᠣ ᠳᠦᠷᠢᠮ ᠤᠨ ᠤᠬᠠᠮᠰᠠᠷ᠂ ᠬᠠᠷᠢᠭᠤᠴᠠᠯᠭᠠᠳᠤ ᠤᠬᠠᠮᠰᠠᠷ ᠢᠶᠠᠨ ᠪᠠᠳᠤᠳᠬᠠᠵᠤ᠂   ᠲᠤᠰ ᠪᠡᠶ᠎ᠡ ᠶᠢᠨ ᠨᠠᠮᠴᠢ ᠴᠢᠨᠠᠷ ᠢᠶᠠᠨ ᠲᠠᠬᠢᠨ ᠳᠡᠭᠡᠭᠰᠢᠯᠡᠭᠦᠯᠵᠦ᠂ ᠠᠵᠢᠯ ᠢᠶᠠᠨ ᠭᠦᠨᠵᠡᠭᠡᠢ ᠪᠣᠳᠣᠯᠬᠢᠯᠠᠵᠤ᠂ ᠴᠢᠩᠭ᠎ᠠ ᠪᠠᠶᠢᠬᠤ ᠱᠠᠭᠠᠷᠳᠠᠯᠭ᠎ᠠ ᠪᠠᠷ ᠨᠡᠩ ᠪᠣᠳᠠᠲᠠᠢ ᠠᠵᠢᠯ ᠤᠨ ᠰᠤᠷᠲᠠᠯ ᠢᠶᠠᠨ ᠪᠡᠶᠡᠯᠡᠭᠦᠯᠬᠦ ᠬᠡᠷᠡᠭᠲᠡᠢ᠃  ᠰᠡᠳᠬᠢᠬᠦ᠂ ᠰᠤᠷᠤᠯᠴᠠᠬᠤ᠂ ᠲᠤᠬᠠᠶᠢᠯᠠᠭᠰᠠᠨ ᠠᠵᠢᠯ᠂ ᠨᠢᠭᠡᠳᠦᠯᠲᠡᠶ ᠲᠥᠯᠥᠪᠯᠡᠬᠦ᠂ ᠵᠣᠬᠢᠶᠠᠨ ᠪᠢᠴᠢᠬᠦ ᠲᠠᠪᠤᠨ ᠵᠦᠢᠯ ᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠬᠦᠴᠦᠷᠬᠡᠭ ᠶᠡᠭᠡ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ  ᠪᠦᠳᠤᠮᠵᠢ ᠶᠢᠨ ᠬᠤᠶᠠᠷ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号