ᠠᠯᠲᠠᠷᠲᠤ ᠰᠤᠮᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
     ᠨᠠᠮ ᠤᠨ ᠠᠵᠢᠯ ᠤᠨ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 22 ᠤᠨ ᠡᠳᠦᠷ᠂ ᠵᠠᠯᠠᠶᠢᠳ ᠬᠤᠰᠢᠭᠤᠨ ᠤ ᠠᠯᠳᠠᠷᠲᠤ ᠰᠤᠮᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠪᠥᠬᠦ ᠬᠥᠮᠦᠰ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠱᠦᠵᠢ᠂ ᠬᠤᠶᠠᠷ ᠵᠥᠪᠯᠡᠯ ᠤᠨ ᠭᠡᠰᠢᠭᠦᠨ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠰᠤᠮᠤᠨ ᠤ ᠵᠤᠬᠢᠶᠠᠨ ᠪᠠᠶᠢᠭᠤᠯᠬᠤ ᠭᠡᠰᠢᠭᠦᠨ ᠪᠦᠦ ᠤᠷᠭ᠎ᠠ ᠨᠥᠬᠦᠷ ᠭᠤᠤᠯᠳᠠᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠮᠡᠳᠡᠪᠡᠰᠣ ᠵᠣᠬᠢᠬᠤ ᠮᠡᠳᠡᠯᠭᠡ᠂ ︽ᠨᠢᠭᠡ  ᠭᠠᠴᠠᠭ᠎ᠠ ᠲᠣᠰᠬᠤᠨ ᠨᠢᠭᠡ ᠠᠷᠭ᠎ᠠ ᠪᠣᠳᠣᠯᠭ᠎ᠠ︾ ᠶᠢᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠡᠷᠭᠡ ᠬᠠᠮᠢᠶ᠎ᠠ ᠪᠥᠬᠦᠶ ᠮᠡᠳᠡᠯᠭᠡ ᠶᠢᠨ ᠲᠣᠭᠤᠷᠢᠨ ᠳᠤ ᠲᠠᠶᠢᠯᠤᠮᠵᠢ ᠬᠢᠪᠠ᠃ ᠡᠭᠦᠨ ᠤ ᠬᠠᠮᠲᠤ᠂ ᠡᠯ᠎ᠡ ᠭᠠᠴᠠᠭ᠎ᠠ  ᠲᠤᠰᠬᠤᠨ ︵ᠨᠡᠶᠢᠭᠡᠮ ᠲᠣᠭᠤᠷᠢᠭ︶  ᠤ ︽ᠭᠤᠷᠪᠠᠨ ᠬᠤᠷᠠᠯ ᠨᠢᠭᠡ ᠬᠢᠴᠢᠶᠡᠯ︾ ᠢ ᠥᠷᠨᠢᠭᠦᠯᠦᠭᠰᠡᠨ ᠪᠠᠶᠢᠳᠠᠯ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂  ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠥᠮᠦᠵᠢᠭᠦᠯᠵᠦ ᠪᠠᠶᠢᠭ᠎ᠠ ᠪᠠᠶᠢᠳᠠᠯ ᠵᠡᠷᠭᠡ 10 ᠭᠠᠷᠤᠶ ᠵᠦᠢᠯ ᠤᠨ ᠠᠭᠤᠯᠭ᠎ᠠ ᠳᠤ ᠴᠢᠭᠯᠡᠭᠦᠯᠦᠨ ᠲᠤᠰᠬᠠᠶ ᠰᠡᠳᠦᠪ ᠢᠶᠠᠷ ᠵᠢᠭᠠᠨ ᠵᠢᠯᠣᠭᠤᠳᠪᠠ᠃      ᠬᠤᠷᠠᠯ ᠠᠴᠠ᠂ ᠡᠯ᠎ᠡ ᠨᠠᠮ ᠤᠨ ᠡᠭᠦᠷ ᠤᠨ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠪᠤᠳᠤᠯ ᠢᠶᠠᠨ ᠦᠨᠡᠨ ᠬᠦ ᠴᠢᠩᠭᠠᠳᠬᠠᠵᠤ᠂ ᠢᠯᠡᠭᠦᠬᠡᠨ ᠰᠤᠷᠤᠯᠴᠠᠨ ᠢᠯᠡᠭᠦᠬᠡᠨ ᠪᠣᠳᠣᠯᠬᠢᠯᠠᠵᠤ᠂ ᠢᠯᠡᠭᠦᠬᠡᠨ ᠣᠶᠢᠯᠠᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ  ᠲᠠᠶᠢᠴᠢᠯᠠᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠪᠥᠬᠦ ᠰᠤᠮᠤ ᠶᠢᠨ ᠨᠠᠮ ᠤᠨ ᠠᠵᠢᠯ ᠤᠨ ᠺᠠᠳ᠋ᠷ ︽ᠰᠤᠷᠤᠯᠴᠠᠬᠤ︾ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠪᠠᠨ ᠴᠢᠩᠭᠠᠳᠬᠠᠨ᠂ ᠲᠣᠰ ᠪᠡᠶ᠎ᠡ ᠶᠢᠨ ᠳᠤᠲᠠᠭᠤᠳᠠᠯ ᠪᠠᠭᠤᠷᠠᠶ ᠲᠠᠯ᠎ᠠ ᠪᠠ ᠬᠦᠷᠦᠯᠴᠡᠬᠦ ᠥᠬᠡᠶ ᠲᠠᠯ᠎ᠠ ᠪᠠᠨ ᠪᠥᠬᠦ ᠲᠠᠯ᠎ᠠ ᠪᠠᠷ ᠡᠷᠢᠬᠦ ᠬᠡᠷᠡᠭᠲᠡᠶ ᠭᠡᠵᠡᠢ᠃      ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠠᠵᠢᠯ ᠤᠨ ᠰᠡᠳᠬᠢᠴᠡ ᠪᠠ ᠲᠤᠬᠠᠶᠢᠯᠠᠭᠰᠠᠨ ᠠᠵᠢᠯ ᠤᠨ ᠶᠠᠪᠤᠴᠠ ᠪᠠᠨ ᠲᠣᠳᠣᠷᠬᠠᠶ ᠪᠣᠯᠭᠠᠵᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠠᠯᠲᠠᠷᠲᠤ ᠰᠤᠮᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号