ᠶᠥᠩ ᠹᠠ ᠭᠠᠴᠠᠭᠠᠨ ᠤ ᠦᠴᠤᠭᠡᠳᠤᠷ ᠪᠠ ᠦᠨᠦᠳᠤᠷ
ᠨᠡᠶᠢᠲᠡᠯᠡᠭᠰᠡᠨ ᠴᠠᠭ᠄
2024/8/26
     8 ᠰᠠᠷ᠎ᠠ ᠶᠢᠨ 13 ᠤ ᠡᠳᠥᠷ᠂ ᠰᠤᠷᠪᠤᠯᠵᠢᠯᠠᠭᠴᠢ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠶᠦᠩ ᠹᠠ ᠭᠠᠴᠠᠭᠠᠨ ᠳᠤ ᠰᠤᠷᠪᠤᠯᠵᠢᠯᠠᠬᠤ ᠪᠠᠷ ᠬᠦᠷᠬᠦ ᠳᠤ᠂ ᠸᠠᠭᠠᠷ ᠳᠤᠭᠤᠰᠬᠠᠨ ᠪᠠᠶᠢᠰᠢᠩ ᠵᠢᠭᠳᠡᠷᠡᠨ ᠪᠠᠶᠢᠷᠢᠰᠢᠵᠤ ᠂ ᠰᠢᠨᠡᠭᠡᠨ ᠵᠠᠰᠠᠵᠤ ᠴᠢᠮᠡᠭᠰᠡᠨ ᠬᠦᠷᠢᠶ᠎ᠡ ᠬᠠᠰᠢᠶ᠎ᠡ᠂ ᠰᠤᠶᠤᠯ ᠤᠨ ᠬᠦᠳᠡᠯᠭᠡᠭᠡᠨ ᠤ ᠭᠡᠷ᠂ ᠰᠢᠨᠡᠭᠡᠨ ᠪᠠᠶᠢᠭᠤᠯᠤᠭᠰᠠᠨ ᠡᠷᠡᠬᠦᠯ ᠬᠠᠮᠠᠭᠠᠯᠠᠯ ᠤᠨ ᠳᠠᠰᠤᠭ ᠵᠡᠷᠭᠡ ᠨᠢ ᠨᠢᠳᠥᠨ ᠳᠤ ᠬᠠᠯᠠᠭᠤᠬᠠᠨ ᠬᠠᠷᠠᠭᠳᠠᠵᠤ᠂ ᠭᠠᠴᠠᠭᠠᠨ ᠤ ᠠᠭᠤᠳᠠᠮ ᠳᠠᠯᠠᠪᠠᠢ ᠳᠤ ᠨᠠᠰᠥᠳᠠᠶᠢᠴᠤᠳ ᠠᠭᠤᠳᠠᠮ ᠳᠠᠯᠠᠪᠠᠢ ᠶᠢᠨ ᠪᠦᠵᠢᠭ ᠪᠤᠯᠪᠠᠰᠤᠷᠠᠨ᠂ ᠬᠤᠭᠤᠷ ᠬᠦᠭᠵᠢᠮ ᠬᠦᠭᠯᠡᠬᠦᠯᠥᠨ᠂ ᠬᠡᠥᠭᠡᠳ ᠪᠠᠭᠠᠴᠤᠳ ᠬᠦᠶᠥᠯᠳᠥᠨ ᠲᠤᠭᠯᠠᠵᠤ᠂ ᠶᠤᠰᠤᠳᠠᠢ ᠬᠦᠳᠡᠭᠡ ᠲᠤᠰᠬᠤᠨ ᠤ ᠬᠦᠭᠵᠢᠯ ᠪᠠᠳᠠᠷᠠᠯ ᠤᠨ ᠰᠢᠨ᠎ᠡ ᠬᠦᠭ ᠠᠶᠢᠵᠠᠮ ᠢ ᠴᠢᠪᠬᠠᠳᠠᠨ᠎ᠠ ᠪᠢᠯᠠ᠃      ᠶᠦᠩ ᠹᠠ ᠭᠠᠴᠠᠭᠠᠨ ᠤ ᠬᠦᠭᠵᠢᠯᠳᠡ ᠬᠤᠪᠢᠷᠠᠯᠳᠠ ᠨᠢ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠪᠰᠤᠷᠤᠯᠭ᠎ᠠ ᠳᠡᠮᠵᠢᠯᠭᠡ ᠠᠴᠠ ᠰᠠᠯᠵᠤ ᠳᠡᠶᠢᠯᠬᠦ ᠦᠬᠡᠢ ᠶᠤᠮ᠃ 2021 ᠤᠨ ᠳᠤ᠂ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠤᠯᠭᠠᠨᠬᠤᠸᠠ ᠰᠤᠮᠤ ᠶᠢᠨ ᠶᠦᠩ ᠹᠠ ᠭᠠᠴᠠᠭ᠎ᠠ ᠶᠢ ᠬᠠᠪᠰᠥᠷᠥᠨ ᠳᠡᠳᠬᠦᠬᠦ ᠴᠡᠭ ᠪᠤᠯᠭᠠᠵᠤ᠂ ᠲᠤᠰᠬᠠᠶᠢᠯᠠᠨ ᠲᠤᠰᠬᠤᠨ ᠳᠤ ᠰᠠᠭᠤᠭ᠎ᠠ ᠨᠢᠭᠡᠳᠥᠭᠡᠷ ᠱᠦᠵᠢ ᠳᠤᠮᠢᠯᠠᠨ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠠᠵᠢᠯ ᠳᠤ ᠤᠷᠤᠯᠴᠠᠭᠤᠯᠪᠠ᠃ ᠲᠡᠳᠡᠨᠡᠷ ᠶᠦᠩ ᠹᠠ ᠭᠠᠴᠠᠭ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠠᠬᠤᠢ ᠪᠠ ᠬᠦᠮᠥᠨ ᠠᠮᠠ ᠶᠢᠨ ᠤᠳᠤᠬᠢ ᠪᠠᠶᠢᠳᠠᠯ ᠳᠤ ᠰᠠᠭᠤᠷᠢᠯᠠᠨ᠂ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ᠂ ᠠᠵᠤ ᠥᠢᠯᠡᠰ ᠢ ᠬᠦᠭᠵᠢᠬᠦᠯᠬᠦ᠂ ᠮᠠᠯᠴᠢᠨ ᠳᠠᠷᠢᠶᠠᠴᠢᠨ ᠤ ᠶᠡᠷᠥᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠬᠦᠯᠬᠦ ᠠᠴᠠ ᠭᠠᠷᠳᠠᠵᠤ᠂ ᠳᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ ᠲᠦᠯᠥᠪᠵᠢᠬᠦᠯᠭᠡ ᠳᠤᠭᠳᠠᠭᠠᠵᠠᠢ᠃      ᠶᠦᠩ ᠹᠠ ᠭᠠᠴᠠᠭ᠎ᠠ ᠨᠡᠶᠢᠳᠡ 655 ᠡᠷᠥᠭᠡ᠂ 1700 ᠭᠠᠷᠤᠢ ᠬᠦᠮᠥᠨ ᠠᠮᠠ ᠲᠠᠢ᠂ ᠡᠬᠦᠨ ᠳᠤ ᠳᠠᠷᠢᠶᠠᠨ ᠭᠠᠵᠠᠷ ᠤᠨ ᠳᠠᠯᠠᠪᠠᠢ 46030 ᠮᠤ᠋᠂ ᠡᠪᠡᠰᠥ ᠪᠡᠯᠴᠢᠭᠡᠷ ᠤᠨ ᠳᠠᠯᠠᠪᠠᠢ 19846 ᠮᠤ᠋᠂ ᠤᠢ ᠰᠢᠭᠤᠢ ᠶᠢᠨ ᠳᠠᠷᠢᠮᠠᠯ ᠤᠨ ᠳᠠᠯᠠᠪᠠᠢ 26000 ᠮᠤ᠋ ᠪᠤᠢ᠃ ᠲᠤᠰ ᠭᠠᠴᠠᠭᠠᠨ ᠤ ᠭᠤᠤᠯ ᠳᠠᠷᠢᠮᠠᠯ ᠤᠨ ᠵᠥᠢᠯ ᠨᠢ ᠡᠷᠳᠡᠨᠢ ᠰᠢᠰᠢ ᠪᠠᠶᠢᠵᠤ᠂ ᠳᠡᠵᠢᠭᠡᠨ ᠦᠷᠡᠵᠢᠬᠦᠯᠬᠦ ᠥᠢᠯᠡᠰ ᠨᠢ ᠬᠤᠨᠢ ᠮᠠᠯ ᠳᠡᠵᠢᠭᠡᠬᠦ ᠪᠠᠷ ᠭᠤᠤᠯᠯᠠᠵᠤ᠂ ᠳᠠᠷᠢᠶᠠᠯᠠᠩ ᠮᠠᠯᠵᠢᠬᠤ ᠥᠢᠯᠡᠰ ᠢ ᠤᠶᠠᠯᠳᠤᠭᠤᠯᠤᠭᠰᠠᠨ ᠭᠠᠴᠠᠭ᠎ᠠ ᠪᠤᠯᠤᠨ᠎ᠠ᠃ ᠦᠢᠷ᠎ᠠ ᠶᠢᠨ ᠵᠢᠯ ᠠᠴᠠ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠡᠯᠡ ᠤᠷᠤᠭᠤᠯᠤᠯᠳᠠ ᠪᠠᠨ ᠴᠢᠩᠭᠠᠳᠬᠠᠬᠤ᠂ ᠭᠤᠤᠯᠯᠠᠭᠴᠢ ᠠᠵᠤ ᠥᠢᠯᠡᠰ ᠢ ᠬᠦᠭᠵᠢᠬᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠭᠡ ᠳᠠᠯ᠎ᠠ ᠶᠢ ᠴᠢᠬᠤᠯᠠᠴᠢᠯᠠᠨ᠂ 35 ᠲᠦᠮᠡᠨ ᠲᠦᠬᠦᠷᠢᠭ ᠤᠨ ᠪᠡᠯᠡ ᠤᠷᠤᠭᠤᠯᠥᠨ᠂ ᠶᠦᠩ ᠹᠠ ᠭᠠᠴᠠᠭᠠᠨ ᠳᠤ ᠢᠷᠡᠭᠡᠳᠥᠢ ᠶᠢᠨ ᠬᠦᠭᠵᠢᠯᠳᠡ ᠶᠢᠨ ᠳᠤᠬᠠᠢ ᠲᠦᠯᠥᠪᠯᠡᠭᠡ ᠳᠤᠭᠳᠠᠭᠠᠵᠤ ᠦᠭᠴᠡᠢ᠃ ᠶᠦᠩ ᠹᠠ ᠭᠠᠴᠠᠭᠠᠨ ᠤ ᠺᠠᠳ᠋ᠷᠴᠤᠳ ᠬᠠᠪᠰᠥᠷᠥᠨ ᠳᠡᠳᠬᠦᠬᠦ ᠠᠵᠢᠯ ᠢᠶᠠᠨ ᠡᠬᠢᠯᠡᠬᠦᠯᠥᠭᠰᠡᠨ ᠳᠠᠷᠤᠢ ᠳᠤᠨᠢ ᠪᠤᠯᠭᠠᠨᠬᠤᠸᠠ ᠭᠤᠤᠯ ᠰᠤᠷᠭᠠᠭᠤᠯᠢ ᠳᠤ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠬᠢᠴᠢᠶᠡᠯ ᠤᠨ ᠳᠠᠰᠤᠭ ᠪᠠᠶᠢᠭᠤᠯᠵᠤ ᠦᠭᠬᠦᠨ᠂ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠳᠤᠬᠠᠢ ᠨᠤᠮ ᠳᠡᠪᠳᠡᠷ᠂ ᠳᠤᠷᠰᠢᠯᠳᠠ ᠶᠢᠨ ᠪᠠᠭᠠᠵᠢ ᠲᠦᠬᠦᠭᠡᠷᠥᠮᠵᠢ ᠵᠡᠷᠭᠡ ᠶᠢ ᠬᠦᠷᠭᠡᠭᠰᠡᠨ ᠪᠦᠭᠡᠳ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠠᠯᠤᠰ ᠡᠵᠡᠮᠰᠢᠯᠳᠥ ᠬᠢᠴᠢᠶᠡᠯ ᠤᠨ ᠳᠠᠩᠬᠢᠮ ᠢ ᠨᠡᠭᠡᠭᠡᠵᠤ᠂ ᠬᠦᠭᠡᠬᠤᠳᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠲᠠᠢ ᠬᠠᠮᠳᠥ ᠪᠠᠷ ᠮᠡᠳᠡᠯᠭᠡ ᠰᠤᠷᠤᠯᠴᠠᠵᠤ᠂ ᠳᠤᠷᠰᠢᠯᠭ᠎ᠠ ᠪᠠᠨ ᠰᠤᠯᠢᠯᠴᠠᠵᠤ ᠳᠡᠶᠢᠯᠬᠦ ᠳᠤᠬᠢᠶᠠᠯ ᠬᠠᠨᠭ᠍ᠭᠠᠭᠰᠠᠨ ᠪᠠᠶᠢᠨ᠎ᠠ᠃       ᠭᠠᠴᠠᠭᠠᠨ ᠤ ᠠᠯᠪᠠᠯᠠᠬᠤ ᠨᠦᠬᠦᠴᠡᠯ ᠢ ᠰᠠᠶᠢᠵᠢᠷᠠᠭᠤᠯᠥᠨ᠂ ᠭᠠᠴᠠᠭᠠᠨ ᠤ ᠺᠠᠳ᠋ᠷᠴᠤᠳ ᠤᠨ ᠠᠵᠢᠯ ᠤᠨ ᠢᠳᠡᠪᠬᠢᠵᠢᠯ ᠢ ᠳᠠᠶᠢᠴᠢᠯᠠᠬᠤ ᠶᠢᠨ ᠲᠦᠯᠥᠭᠡ᠂ ᠲᠤᠰᠬᠤᠨ ᠳᠤ ᠰᠠᠭᠤᠭ᠎ᠠ ᠨᠢᠭᠡᠳᠥᠭᠡᠷ ᠱᠦᠵᠢ ᠲᠠᠩ ᠯᠤ᠋ ᠳᠡᠭᠡᠳᠥ ᠱᠠᠳᠥ ᠲᠠᠢ ᠬᠠᠷᠢᠯᠴᠠᠨ᠂ 10 ᠺᠤᠮᠫᠢᠦ᠋ᠲ᠋ᠧᠷ᠂ 15 ᠴᠠᠬᠢᠯᠭᠠᠨ ᠳᠤᠯᠠᠭᠠᠯᠠᠮᠵᠢ᠂ ᠳᠠᠷᠤᠮᠠᠯᠯᠠᠬᠤ ᠮᠠᠰᠢᠨ᠂ 4 ᠢᠵᠢ ᠰᠢᠷᠡᠭᠡ ᠰᠠᠨᠳᠠᠯᠢ᠂ ᠬᠦᠯᠳᠡᠭᠡᠬᠦᠷ ᠮᠠᠰᠢᠨ ᠵᠡᠷᠭᠡ ᠲᠤᠨᠤᠭ ᠲᠦᠬᠦᠭᠡᠷᠥᠮᠵᠢ ᠶᠢ ᠤᠷᠤᠭᠤᠯᠥᠨ ᠦᠭᠴᠡᠢ᠃ ᠲᠤᠰᠬᠤᠨ ᠳᠤ ᠰᠠᠭᠤᠭ᠎ᠠ ᠨᠢᠭᠡᠳᠥᠭᠡᠷ ᠱᠦᠵᠢ ᠪᠠᠰᠠ ᠭᠠᠴᠠᠭᠠᠨ ᠤ ᠺᠠᠳ᠋ᠷᠴᠤᠳ ᠢᠶᠠᠨ ᠲᠠᠶᠢᠴᠢᠯᠡᠨ ᠰᠦᠯᠵᠢᠶᠡᠨ ᠳᠡᠭᠡᠷ᠎ᠡ ᠠᠴᠠ ᠰᠢᠨᠵᠢᠯᠡᠬᠦ ᠤᠬᠠᠭᠠᠨᠴᠢ ᠪᠠᠷ ᠳᠠᠷᠢᠶᠠᠯᠠᠵᠤ ᠮᠠᠯᠵᠢᠬᠤ ᠳᠤᠬᠠᠢ ᠮᠡᠳᠡᠯᠭᠡ ᠪᠠ ᠤᠯᠤᠰ ᠤᠨ ᠴᠢᠭᠯᠡᠯᠳᠡ ᠲᠦᠷᠥ ᠶᠢᠨ ᠪᠤᠳᠤᠯᠭ᠎ᠠ ᠶᠢᠨ ᠳᠤᠬᠠᠢ ᠮᠡᠳᠡᠯᠭᠡ ᠶᠢ ᠰᠤᠷᠤᠯᠴᠠᠨ᠂ ᠡᠷᠥᠭᠡ ᠪᠠᠷ ᠬᠦᠨᠵᠡᠬᠡᠶᠢᠷᠡᠬᠦ ᠳᠤᠮᠳᠠ ᠡᠳᠡᠭᠡᠷ ᠰᠤᠷᠤᠯᠴᠠᠭᠰᠠᠨ ᠮᠡᠳᠡᠯᠭᠡ ᠪᠠᠨ ᠳᠠᠷᠢᠶᠠᠴᠢᠳ ᠲᠤ ᠳᠠᠶᠢᠯᠪᠤᠷᠢᠯᠡᠵᠤ ᠦᠭᠬᠦᠨ᠂ ᠤᠯᠠᠨ ᠤ ᠦᠵᠡᠯᠳᠡ ᠲᠠᠨᠢᠯᠳᠠ ᠶᠢ ᠳᠡᠭᠡᠭᠰᠢᠯᠡᠬᠦᠯᠪᠡ᠃        ᠳᠠᠷᠢᠶᠠᠴᠢᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠥᠨ᠂ ᠭᠠᠴᠠᠭᠠᠨ ᠤ ᠰᠤᠶᠤᠯ ᠤᠨ ᠬᠦᠭᠵᠢᠯᠳᠡ ᠳᠤ ᠬᠦᠴᠥᠨ ᠨᠡᠮᠡᠷᠢᠯᠡᠬᠦ ᠪᠠᠷ᠂ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠶᠦᠩ ᠹᠠ ᠭᠠᠴᠠᠭᠠᠨ ᠳᠤ 300 ᠳᠡᠭᠰᠢ ᠲᠦᠷᠪᠡᠯᠵᠢᠨ ᠮᠧᠲᠷ ᠳᠠᠯᠠᠪᠠᠢ ᠪᠦᠬᠦᠢ ᠰᠤᠶᠤᠯ ᠤᠨ ᠬᠦᠳᠡᠯᠭᠡᠭᠡᠨ ᠤ ᠭᠡᠷ ᠪᠠᠶᠢᠭᠤᠯᠵᠤ ᠦᠭᠬᠦᠨ᠂ ᠳᠠᠷᠢᠶᠠᠴᠢᠳ ᠢ ᠵᠤᠬᠢᠶᠠᠨ ᠪᠠᠶᠢᠭᠤᠯᠥᠨ ᠤᠷᠠᠨ ᠰᠠᠶᠢᠬᠠᠨ ᠤ ᠲᠤᠭᠯᠠᠯᠳᠠ ᠭᠠᠷᠭᠠᠬᠤ ᠪᠤᠶᠤ ᠴᠢᠴᠢᠬᠦᠷ ᠪᠦᠮᠪᠦᠭᠡ ᠶᠢᠨ ᠤᠷᠤᠯᠳᠤᠭᠠᠨ ᠶᠠᠪᠤᠭᠳᠠᠭᠤᠯᠥᠨ᠂ ᠠᠵᠢᠯ ᠤᠨ ᠴᠢᠯᠤᠭᠡᠨ ᠤ ᠠᠮᠢᠳᠤᠷᠠᠯ ᠢ ᠨᠢ ᠪᠠᠶᠠᠯᠢᠬᠵᠢᠭᠤᠯᠤᠭᠰᠠᠨ ᠪᠠᠶᠢᠨ᠎ᠠ᠃ ︽ᠮᠠᠨ ᠤ ᠭᠠᠴᠠᠭᠠᠨ ᠳᠤ ᠰᠤᠶᠤᠯ ᠤᠨ ᠬᠦᠳᠡᠯᠭᠡᠭᠡᠨ ᠤ ᠭᠡᠷ ᠲᠠᠢ ᠪᠤᠯᠤᠭᠰᠠᠨ ᠠᠴᠠ ᠨᠠᠭᠠᠰᠢ᠂ ᠪᠢᠳᠡ ᠦᠷᠬᠦᠯᠵᠢ ᠡ᠊ᠨᠳᠡ ᠢᠷᠡᠵᠤ ᠴᠤᠭᠯᠠᠷᠠᠨ ᠰᠢᠨᠵᠢᠯᠡᠬᠦ ᠤᠬᠠᠭᠠᠨᠴᠢ ᠪᠠᠷ ᠳᠠᠷᠢᠶᠠᠯᠠᠵᠤ ᠮᠠᠯᠵᠢᠬᠤ ᠳᠤᠬᠠᠢ ᠨᠤᠮ ᠳᠡᠪᠳᠡᠷ ᠦᠵᠡᠳᠡᠭ᠂ ᠰᠤᠷᠤᠬᠴᠢᠤᠨ ᠤᠨ ᠡᠪᠤᠯ ᠵᠤᠨ ᠤ ᠠᠮᠠᠷᠠᠯᠳᠠ ᠪᠤᠯᠤᠭᠰᠠᠭᠠᠷ ᠬᠡᠥᠭᠡᠳ ᠢᠶᠠᠨ ᠳᠠᠭᠠᠭᠤᠯᠥᠨ ᠢᠷᠡᠵᠤ ᠦᠯᠢᠭᠡᠷ ᠤᠨ ᠨᠤᠮ ᠰᠤᠩᠭᠤᠵᠤ ᠦᠵᠡᠳᠡᠭ᠃ ᠪᠠᠶᠠᠷ ᠳᠤᠷᠠᠰᠬᠠᠯ ᠤᠨ ᠡᠳᠥᠷ ᠪᠤᠯᠪᠠᠯ ᠦᠨᠥ ᠰᠤᠶᠤᠯ ᠤᠨ ᠬᠦᠳᠡᠯᠭᠡᠭᠡᠨ ᠤ ᠭᠡᠷ ᠲᠡᠭᠡᠨ ᠴᠤᠭᠯᠠᠷᠠᠨ ᠤᠷᠠᠨ ᠰᠠᠶᠢᠬᠠᠨ ᠤ ᠲᠤᠭᠯᠠᠯᠳᠠ ᠭᠠᠷᠭᠠᠳᠠᠭ︾ ᠭᠡᠵᠤ ᠳᠠᠷᠢᠶᠠᠴᠢᠨ ᠶᠢᠨ ᠭᠧ ᠰᠤᠷᠪᠤᠯᠵᠢᠯᠠᠭᠴᠢ ᠳᠤ ᠬᠡᠯᠡᠪᠡ᠃      ︽ᠮᠠᠨ ᠤ ᠭᠠᠴᠠᠭᠠᠨ ᠳᠤ ᠤᠤᠯ ᠳᠠᠭᠠᠨ ᠡᠷᠡᠬᠦᠯ ᠬᠠᠮᠠᠭᠠᠯᠠᠯ ᠤᠨ ᠳᠠᠰᠤᠭ ᠭᠡᠵᠤ ᠦᠬᠡᠢ᠂ ᠳᠠᠷᠢᠶᠠᠴᠢᠳ ᠬᠢᠮᠤᠷᠠᠭ᠎ᠠ ᠳᠠᠭᠰᠢᠭᠤᠷ ᠬᠦᠷᠬᠦ ᠪᠤᠶᠤ ᠴᠢᠰᠥᠨ ᠳᠠᠷᠤᠯᠳᠠ ᠪᠠᠨ ᠬᠡᠮᠵᠢᠬᠦ ᠭᠡᠪᠡᠯ ᠠᠷᠭ᠎ᠠ ᠪᠤᠰᠥ ᠪᠤᠯᠭᠠᠨᠬᠤᠸᠠ ᠰᠤᠮᠤ ᠶᠢᠨ ᠵᠠᠰᠠᠬ ᠤᠨ ᠤᠷᠳᠤᠨ ᠰᠠᠭᠤᠭ᠎ᠠ ᠭᠠᠵᠠᠷ ᠵᠦᠭ ᠬᠦᠶᠥᠳᠡᠭ ᠪᠠᠶᠢᠭᠰᠠᠨ᠃ ᠲᠢᠩᠬᠢᠮ ᠳᠤᠪᠴᠢᠶ᠎ᠡ ᠶᠢᠨ ᠬᠠᠪᠰᠥᠷᠥᠨ ᠳᠡᠳᠬᠦᠭᠰᠡᠨ ᠰᠠᠶᠢᠨ ᠢᠶᠠᠷ ᠭᠠᠴᠠᠭᠠᠨ ᠳᠤ ᠡᠷᠡᠬᠦᠯ ᠬᠠᠮᠠᠭᠠᠯᠠᠯ ᠤᠨ ᠳᠠᠰᠤᠭ ᠲᠠᠢ ᠪᠤᠯᠵᠠᠢ᠂ ᠪᠡᠶ᠎ᠡ ᠪᠠᠨ ᠪᠠᠶᠢᠴᠠᠭᠠᠯᠭᠠᠬᠤ ᠳᠤ ᠲᠦᠬᠦᠮ ᠪᠤᠯᠤᠭᠰᠠᠨ ᠪᠦᠭᠡᠳ ᠡᠮ ᠠᠪᠬᠤ ᠳᠤ ᠤᠶᠢᠷ᠎ᠠ ᠪᠤᠯᠤᠭᠰᠠᠨ᠂ ᠡ᠊ᠨᠡ ᠴᠤᠬᠤᠮ ᠠᠷᠠᠳ ᠲᠤ ᠠᠰᠢᠭ ᠬᠦᠷᠳᠡᠭᠡᠭᠰᠡᠨ ᠪᠤᠳᠠᠳᠥ ᠬᠢᠳᠡᠯ ᠰᠢᠥ︾ ᠭᠡᠵᠤ ᠶᠦᠩ ᠹᠠ ᠭᠠᠴᠠᠭᠠᠨ ᠤ ᠳᠠᠷᠢᠶᠠᠴᠢᠨ ᠪᠤᠶᠠᠨᠳᠡᠯᠭᠡᠷ ᠪᠠᠶᠠᠷᠳᠠᠢ ᠪᠠᠷ ᠬᠡᠯᠡᠵᠡᠢ᠃ ᠡ᠊ᠨᠡ ᠡᠷᠡᠬᠦᠯ ᠬᠠᠮᠠᠭᠠᠯᠠᠯ ᠤᠨ ᠳᠠᠰᠤᠭ ᠨᠢ ᠬᠡᠳᠦ᠋ᠪᠠᠷ ᠰᠠᠶ᠋ᠢ 80 ᠳᠡᠭᠰᠢ ᠲᠦᠷᠪᠡᠯᠵᠢᠨ ᠮᠧᠲᠷ ᠳᠠᠯᠠᠪᠠᠢ ᠶᠢ ᠡᠵᠡᠯᠡᠵᠤ ᠪᠠᠶᠢᠭᠰᠠᠨ ᠴᠤ ᠬᠢᠮᠤᠷᠠᠭ᠎ᠠ ᠳᠠᠭᠰᠢᠭᠤᠷ ᠢ ᠵᠠᠰᠠᠬᠤ ᠡᠮ᠂ ᠰᠢᠷᠬᠠᠳᠤᠯ ᠢ ᠵᠠᠰᠠᠬᠤ ᠡᠮ ᠵᠡᠷᠭᠡ ᠡᠳᠥᠷ ᠳᠤᠳᠤᠮ ᠤᠨ ᠪᠠᠭ᠎ᠠ ᠰᠠᠭ᠎ᠠ ᠡᠪᠡᠳᠴᠢᠨ ᠬᠡᠮᠳᠥᠯ ᠳᠤ ᠬᠡᠷᠡᠭᠯᠡᠬᠦ ᠡᠮ ᠳᠠᠩ ᠨᠢ ᠪᠦᠷᠢᠨ ᠪᠠᠶᠢᠵᠤ᠂ ᠭᠡᠵᠢᠶ᠎ᠡ ᠭᠡᠰᠡᠨ ᠦᠬᠡᠢ ᠡᠪᠡᠳᠴᠢᠨ ᠦᠵᠡᠬᠦᠯᠬᠦ ᠳᠤ ᠲᠦᠬᠦᠮ ᠪᠤᠯᠤᠭᠰᠠᠨ ᠪᠠᠶᠢᠨ᠎ᠠ᠃ ᠨᠡᠩ ᠴᠤ ᠭᠠᠴᠠᠭᠠᠨ ᠤ ᠬᠦᠳᠡᠯᠵᠤ ᠪᠠᠷᠢᠬᠤ ᠳᠤ ᠲᠦᠬᠦᠮ ᠦᠬᠡᠢ ᠨᠠᠰᠥᠳᠠᠶᠢᠴᠤᠳ ᠪᠤᠶᠤ ᠵᠡᠮᠳᠡᠭ ᠡᠪᠡᠳᠴᠢᠳᠡᠨ ᠪᠠᠶᠢᠪᠠᠯ ᠭᠠᠴᠠᠭᠠᠨ ᠤ ᠡᠮᠴᠢ ᠲᠤᠰᠬᠠᠶᠢᠯᠠᠨ ᠭᠡᠷ ᠲᠤᠨᠢ ᠬᠦᠷᠴᠤ ᠡᠪᠡᠳᠴᠢᠨ ᠢ ᠨᠢ ᠡᠮᠨᠡᠵᠤ ᠦᠭᠳᠡᠭ᠃      ︽ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠮᠠᠨ ᠤ ᠭᠠᠴᠠᠭ᠎ᠠ ᠶᠢ ᠬᠠᠪᠰᠥᠷᠥᠨ ᠳᠡᠳᠬᠦᠭᠰᠡᠨ ᠬᠡᠳᠥᠨ ᠵᠢᠯ ᠤᠨ ᠳᠤᠷᠰᠢ᠂ ᠭᠠᠴᠠᠭᠠᠨ ᠳᠤ 2300 ᠮᠧᠲᠷ ᠤᠷᠳᠥ ᠤᠰᠤ ᠵᠠᠯᠠᠬᠤ ᠭᠤᠤ ᠰᠤᠪᠠᠭ ᠵᠠᠰᠠᠵᠤ ᠦᠭᠬᠦᠨ᠂ ᠭᠠᠴᠠᠭᠠᠨ ᠤ ᠠᠮᠢᠳᠤᠷᠠᠯ ᠬᠦᠴᠢᠷᠳᠡᠯᠳᠡᠢ 42 ᠡᠷᠥᠭᠡ ᠳᠤ 3 ᠲᠦᠮᠡᠨ ᠲᠦᠬᠦᠷᠢᠭ ᠤᠨ ︿ᠰᠡᠳᠬᠢᠯ ᠢ ᠳᠤᠯᠠᠭᠠᠴᠠᠭᠤᠯᠬᠤ﹀ ᠨᠡᠬᠦᠷᠡᠰᠥ ᠬᠦᠷᠭᠡᠵᠤ᠂ ᠪᠤᠳᠠᠳᠥ ᠬᠢᠳᠡᠯ ᠢᠶᠠᠷ ᠢᠶᠠᠨ ᠤᠯᠠᠨ ᠤ ᠰᠡᠳᠬᠢᠯ ᠢ ᠳᠤᠯᠠᠭᠠᠴᠠᠭᠤᠯᠤᠭᠰᠠᠨ ᠶᠤᠮ᠃ ᠳᠡᠶᠢᠮᠥ ᠪᠦᠭᠡᠳ ᠬᠡᠷᠡᠭᠯᠡᠭᠡ ᠪᠠᠷ ᠶᠠᠳᠠᠭᠤ ᠶᠢ ᠳᠡᠳᠬᠦᠬᠦ ᠲᠦᠷᠥ ᠶᠢᠨ ᠪᠤᠳᠤᠯᠭ᠎ᠠ ᠶᠢᠨ ᠳᠤᠭᠤᠷᠢᠨ ᠳᠤ᠂ ᠭᠠᠴᠠᠭᠠᠨ ᠤ ᠠᠷᠠᠳ ᠤᠨ ᠳᠠᠷᠢᠭᠰᠠᠨ ᠨᠠᠩᠬᠢ ᠡᠷᠳᠡᠨᠢ ᠰᠢᠰᠢ᠂ ᠳᠤᠳᠤᠷᠭ᠎ᠠ ᠶᠢ ᠬᠤᠷᠢᠶᠠᠨ ᠠᠪᠴᠥ ᠂ ᠪᠤᠷᠤᠯᠠᠭᠤᠯᠭ᠎ᠠ ᠶᠢᠨ ᠵᠠᠮ ᠡᠷᠢᠯᠬᠢᠯᠡᠵᠤ ᠦᠭᠴᠡᠢ᠃ ᠤᠯᠠᠨ ᠳᠠᠯ᠎ᠠ ᠠᠴᠠ ᠠᠷᠠᠳ ᠢ ᠬᠠᠪᠰᠤᠷᠤᠭᠰᠠᠨ ᠠᠴᠠ ᠤᠳᠥ ᠭᠠᠴᠠᠭᠠᠨ ᠤ ᠬᠤᠪᠢᠷᠠᠯᠳᠠ ᠮᠠᠰᠢ ᠶᠡᠭᠡ ᠪᠤᠯᠤᠭᠰᠠᠨ︾ ᠭᠡᠵᠤ ᠶᠦᠩ ᠹᠠ ᠭᠠᠴᠠᠭᠠᠨ ᠤ ᠨᠠᠮ ᠤᠨ ᠡᠬᠦᠷ ᠤᠨ ᠱᠦᠵᠢ ᠪᠠᠢ ᠭᠥᠸᠧ ᠴᠢᠩ ᠰᠤᠷᠪᠤᠯᠵᠢᠯᠠᠭᠴᠢ ᠳᠤ ᠬᠡᠯᠡᠵᠤ ᠦᠭᠴᠡᠢ᠃       ᠤᠶᠤᠨᠳᠠᠨ᠎ᠠ ᠪᠤᠯ ᠳᠠᠷᠤᠢ ᠶᠦᠩ ᠹᠠ ᠭᠠᠴᠠᠭᠠᠨ ᠤ ᠳᠠᠷᠢᠶᠠᠴᠢᠨ᠂ ᠮᠦᠨ ᠠᠵᠢᠯ ᠳᠠᠭᠠᠨ ᠭᠠᠷᠮᠠᠭᠠᠢ ᠬᠦᠮᠥᠨ ᠃ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠶᠦᠩ ᠹᠠ ᠭᠠᠴᠠᠭ᠎ᠠ ᠶᠢ ᠬᠠᠪᠰᠥᠷᠥᠨ ᠳᠡᠳᠬᠦᠭᠰᠡᠨ ᠠᠴᠠ ᠨᠠᠭᠠᠰᠢ᠂ ᠤᠶᠤᠨᠳᠠᠨ᠎ᠠ ᠶᠢᠨ ᠬᠢᠨ ᠳᠡᠭᠡᠳᠥ ᠱᠠᠳᠥᠨ ᠤ ᠲᠡᠮᠵᠢᠯᠭᠡ ᠲᠤᠤᠷ᠎ᠠ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠥᠨ᠂ ᠬᠠᠰᠢᠶᠠᠨ ᠳᠠᠭᠠᠨ ᠵᠢᠮᠢᠰ ᠤᠨ ᠮᠤᠳᠥ ᠵᠠᠶᠢᠯᠠᠵᠤ᠂ 240 ᠮᠤ᠋ ᠳᠠᠷᠢᠶᠠᠨ ᠳᠠᠭᠠᠨ ᠡᠷᠳᠡᠨᠢ ᠰᠢᠰᠢ ᠳᠠᠷᠢᠵᠠᠢ᠃ ᠮᠦᠨ ᠭᠠᠴᠠᠭᠠᠨ ᠤ ᠺᠠᠳ᠋ᠷ ᠪᠠ ᠲᠤᠰᠬᠤᠨ ᠳᠤ ᠰᠠᠭᠤᠭ᠎ᠠ ᠨᠢᠭᠡᠳᠥᠭᠡᠷ ᠱᠦᠵᠢ ᠶᠢᠨ ᠵᠢᠯᠤᠭᠤᠳᠤᠯᠭ᠎ᠠ ᠪᠠᠷ ᠤᠶᠤᠨᠳᠠᠨ᠎ᠠ ᠰᠢᠨᠵᠢᠯᠡᠬᠦ ᠤᠬᠠᠭᠠᠨᠴᠢ ᠪᠠᠷ ᠠᠮᠢᠳᠤᠷᠠᠯ ᠢᠶᠠᠨ ᠦᠭᠡᠳᠡ ᠳᠠᠳᠠᠵᠤ᠂ ᠤᠳᠥ 100 ᠭᠠᠷᠤᠢ ᠬᠤᠨᠢ᠂ 70 ᠭᠠᠷᠤᠢ ᠮᠠᠯ ᠳᠡᠵᠢᠭᠡᠨ ᠦᠷᠡᠵᠢᠬᠦᠯᠵᠤ᠂ ᠠᠮᠢᠳᠤᠷᠠᠯ ᠨᠢ ᠡᠳᠥᠷ ᠠᠴᠠ ᠡᠳᠥᠷ ᠰᠠᠶᠢᠵᠢᠷᠠᠵᠤ ᠪᠠᠶᠢᠨ᠎ᠠ᠃       ᠤᠳᠥ ᠶᠦᠩ ᠹᠠ ᠭᠠᠴᠠᠭᠠᠨ ᠳᠤ ᠤᠶᠤᠨᠳᠠᠨ᠎ᠠ ᠰᠢᠭ ᠳᠠᠷᠢᠶᠠᠯᠠᠬᠤ ᠮᠠᠯᠵᠢᠬᠤ ᠥᠢᠯᠡᠰ ᠢ ᠤᠶᠠᠯᠳᠤᠭᠤᠯᠥᠨ ᠡᠵᠡᠩᠨᠡᠭᠡᠳ ᠴᠢᠨᠡᠭᠡᠯᠢᠭ ᠠᠮᠢᠳᠤᠷᠠᠯ ᠢ ᠡᠳ᠋ᠯᠡᠵᠤ ᠪᠠᠶᠢᠭ᠎ᠠ ᠳᠠᠷᠢᠶᠠᠴᠢᠨ ᠤᠯᠠᠮ ᠠᠴᠠ ᠤᠯᠠᠨ ᠪᠤᠯᠤᠯ᠎ᠠ᠃ ᠡ᠊ᠨᠡ ᠨᠢ ᠲᠢᠩᠬᠢᠮ ᠳᠤᠪᠴᠢᠶ᠎ᠠ ᠶᠢᠨ ᠬᠠᠪᠰᠤᠷᠤᠯᠭ᠎ᠠ ᠳᠡᠮᠵᠢᠯᠭᠡ ᠠᠴᠠ ᠰᠠᠯᠵᠤ ᠴᠢᠳᠠᠬᠤ ᠦᠬᠡᠢ ᠶᠤᠮ᠂ ᠨᠡᠩ ᠴᠤ ᠡᠬᠦᠷᠭᠡ ᠬᠠᠷᠢᠭᠤᠴᠠᠯᠭ᠎ᠠ ᠲᠠᠢ᠂ ᠰᠡᠳᠬᠢᠯ ᠳᠡᠭᠡᠨ ᠠᠷᠠᠳ ᠤᠯᠠᠨ ᠢᠶᠠᠨ ᠪᠤᠳᠤᠳᠠᠭ ᠰᠠᠶᠢᠨ ᠺᠠᠳ᠋ᠷᠴᠤᠳ ᠤᠨ ᠴᠢᠷᠮᠠᠶᠢᠯᠭ᠎ᠠ ᠠᠴᠠ ᠰᠠᠯᠵᠤ ᠴᠢᠳᠠᠬᠤ ᠦᠬᠡᠢ ᠶᠤᠮ᠃ ᠨᠠᠮ ᠤᠨ ᠳᠤᠶᠠᠭᠠᠯᠠᠯ ᠳᠤᠤᠷ᠎ᠠ᠂ ᠶᠦᠩ ᠹᠠ ᠭᠠᠴᠠᠭᠠᠨ ᠤ ᠢᠷᠡᠭᠡᠳᠥᠢ ᠨᠡᠩ ᠭᠡᠭᠡᠨ ᠰᠠᠷᠠᠭᠤᠯ ᠪᠤᠯᠵᠦ᠂ ᠮᠠᠯᠴᠢᠨ ᠳᠠᠷᠢᠶᠠᠴᠢᠳ ᠤᠨ ᠠᠮᠢᠳᠤᠷᠠᠯ ᠡᠳᠥᠷ ᠠᠴᠠ ᠡᠳᠥᠷ ᠴᠢᠨᠡᠭᠡᠯᠢᠭ ᠪᠤᠯᠬᠤ ᠨᠢ ᠯᠠᠪᠳᠠᠢ ᠶᠤᠮ ᠡ᠃   ︵ᠤᠷᠠᠨᠳᠤᠳᠢ  ᠰᠡᠴᠡᠨᠭᠡᠷᠡᠯ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号