ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠨ ᠲᠠᠪᠰᠢᠵᠦ ᠵᠠᠯᠠᠶᠢᠳ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ — ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ
ᠨᠡᠶᠢᠲᠡᠯᠡᠭᠰᠡᠨ ᠴᠠᠭ᠄
2024/8/26
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠬᠤᠶᠢᠰᠢᠳᠠ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠢᠶᠠᠨ ᠲᠠᠶᠢᠴᠢᠯᠠᠨ ᠲᠠᠭᠠᠭᠤᠯᠵᠦ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠡᠷᠡᠰ ᠪᠠᠲᠤ ᠣᠶᠤᠨ ᠰᠠᠨᠠᠭᠠᠨ ᠤ ᠳᠦᠷᠰᠦ ᠪᠠᠶᠢᠳᠠᠯ᠂ ᠨᠠᠩ ᠴᠢᠩᠭ᠎ᠠ ᠤᠷᠤᠭᠰᠢᠯᠠᠨ ᠳᠠᠪᠰᠢᠬᠤ ᠵᠣᠷᠢᠭ ᠰᠠᠨᠠᠭ᠎ᠠ᠂ ᠨᠠᠩ ᠴᠢᠷᠮᠠᠶᠢᠯᠲᠠ ᠲᠠᠢ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠢᠢ ᠦᠢᠯᠡᠳᠦᠯᠭᠡᠵᠢᠭᠦᠯᠵᠦ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠨ᠎ᠡ᠃     ᠪᠦᠭᠦᠳᠡ ᠬᠤᠷᠠᠯ ᠠᠴᠠ ︽ᠵᠢᠷᠭᠤᠭᠠᠨ ᠠᠩᠬᠠᠷᠤᠯ ᠤᠨ ᠴᠡᠭ︾ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ︽ᠳᠣᠯᠣᠭᠠᠨ ᠠᠩᠬᠠᠷᠤᠯ ᠤᠨ ᠴᠡᠭ ︾ ᠢᠶᠠᠷ ᠬᠦᠴᠦᠯᠡᠬᠦ ᠴᠡᠭ ᠪᠣᠯᠭᠠᠵᠤ᠂ ︽ᠠᠷᠪᠠᠨ ᠳᠥᠷᠪᠡᠨ ᠲᠠᠯ᠎ᠠ︾ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠥᠭᠡᠷᠡᠴᠢᠯᠡᠯᠲᠡ ᠶᠢᠨ ᠴᠢᠭᠯᠡᠯ ᠢ ᠴᠢᠩᠭ᠎ᠠ ᠵᠢᠷᠤᠮᠯᠠᠵᠦ᠂ ᠣᠨ ᠤ ᠵᠢᠷᠭᠤᠭᠠᠨ ᠲᠠᠯ᠎ᠠ ᠶᠢᠨ 132 ᠵᠦᠢᠯ ᠤᠨ ᠪᠣᠳᠠᠲᠠᠶ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠠᠯᠤᠰ ᠬᠡᠳᠦ ᠶᠢᠨ ᠬᠥᠭᠵᠢᠯᠲᠡ ᠲᠠᠢ ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠦ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠠ ᠶᠢ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠨᠡᠩ ᠢᠯᠡᠭᠦᠤ ᠠᠮᠢᠵᠢᠷᠠᠯ ᠤᠨ ᠬᠦᠴᠦᠨ ᠲᠠᠢ ᠪᠤᠯᠭᠠᠬᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠦᠷᠭᠦᠯᠵᠢᠯᠡᠨ ᠬᠦᠴᠦᠯᠡᠨ ᠪᠡᠶᠡᠯᠡᠬᠦᠯᠵᠦ᠂ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠰᠠᠶᠢᠲᠤᠷ ᠠᠳᠬᠤᠨ᠎ᠠ᠃ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠨᠢᠬᠡ ᠴᠤᠭᠴᠠᠵᠢᠭᠤᠯᠤᠨ ᠵᠠᠰᠠᠬᠤ ᠶᠢ ᠠᠬᠢᠭᠤᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号