ᠹᠧᠩᠲ᠋ᠠᠢ ᠲᠤᠭᠤᠷᠢᠭ ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠭᠰᠠᠨ ᠳᠡᠮᠳᠡᠭᠯᠡᠯ
ᠨᠡᠶᠢᠲᠡᠯᠡᠭᠰᠡᠨ ᠴᠠᠭ᠄
2024/8/26
     ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠲᠦᠷᠤᠯ ᠵᠦᠢᠯ ᠢ ᠭᠡᠷᠡᠭᠵᠢᠬᠦᠯᠦᠭᠰᠡᠨ ᠠᠴᠠ ᠨᠠᠭᠠᠰᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠪᠠ ᠪᠡᠭᠡᠵᠢᠩ ᠬᠤᠳᠠ ᠶᠢᠨ ᠹᠧᠩᠲ᠋ᠠᠢ ᠲᠤᠭᠤᠷᠢᠭ ᠤᠨ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠲᠦᠷᠤᠯ ᠵᠦᠢᠯ ᠤᠨ ᠦᠷ᠎ᠠ ᠪᠦᠳᠤᠮᠵᠢ ᠡᠯᠪᠡᠭ ᠪᠠᠶᠢᠯ᠎ᠠ᠄ ᠬᠤᠰᠢᠭᠤᠨ ᠲᠡᠰ ᠤᠨ ᠤᠳᠤᠷᠢᠳᠤᠯᠭ᠎ᠠ ᠤᠯᠠᠨ ᠤᠳᠠᠭ᠎ᠠ ᠹᠧᠩᠲ᠋ᠠᠢ ᠲᠤᠭᠤᠷᠢᠭ ᠲᠤ ᠬᠦᠷᠴᠤ᠂ ᠰᠤᠮᠤ ᠰᠢᠶᠠᠩ ᠪᠠᠯᠭᠠᠰᠤ᠂ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠪᠠ ᠹᠧᠩᠲ᠋ᠠᠢ ᠲᠤᠭᠤᠷᠢᠭ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ 70 ᠭᠠᠷᠤᠢ ᠤᠳᠠᠭ᠎ᠠ ᠠᠵᠢᠯ ᠵᠤᠯᠭᠠᠭᠤᠯᠵᠤ᠂ ᠬᠠᠪᠰᠤᠷᠤᠨ ᠲᠡᠳᠬᠦᠬᠦ ᠦᠷᠭᠡᠨ ᠲᠡᠯᠭᠡᠷ ᠬᠠᠷᠢᠴᠠᠭ᠎ᠠ ᠪᠠᠶᠢᠭᠤᠯᠪᠠ︔ ᠬᠤᠶᠠᠷ ᠭᠠᠵᠠᠷ ᠤᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠵᠡᠷᠭᠡ ᠨᠢᠭᠡᠴᠢ ᠨᠢ 157 ᠬᠤᠪᠢ ᠬᠠᠪᠰᠤᠷᠤᠨ ᠲᠡᠳᠬᠦᠬᠦ ᠭᠡᠷ᠎ᠠ ᠲᠤᠭᠳᠠᠵᠤ᠂ 400 ᠭᠠᠷᠤᠢ ᠲᠦᠷᠤᠯ ᠤᠨ ᠬᠠᠪᠰᠤᠷᠤᠨ ᠲᠡᠳᠬᠦᠬᠦ ᠠᠷᠭ᠎ᠠ ᠠᠪᠴᠠᠯ ᠢ ᠬᠡᠷᠡᠭᠵᠢᠬᠦᠯᠤᠨ᠂ 703.96 ᠲᠦᠮᠡᠨ ᠲᠦᠬᠦᠷᠢᠭ ᠤᠨ ᠬᠠᠨᠳᠢᠪᠯᠠᠭᠰᠠᠨ ᠡᠳ᠋ ᠪᠤᠳᠠᠰ ᠢ ᠬᠦᠯᠢᠶᠡᠨ ᠠᠪᠴᠠᠢ︔    2024 ᠤᠨ ᠳᠤ᠂ 8270 ᠲᠦᠮᠡᠨ ᠲᠦᠬᠦᠷᠢᠭ ᠤᠨ ᠬᠠᠪᠰᠤᠷᠤᠨ ᠲᠡᠳᠬᠦᠬᠦ ᠪᠡᠯᠡ ᠮᠦᠩᠬᠦ ᠶᠢ ᠲᠠᠬᠢᠨ ᠴᠢᠷᠮᠠᠶᠢᠨ ᠤᠯᠵᠤ᠂ 17 ᠲᠦᠷᠤᠯ ᠵᠦᠢᠯ ᠢ ᠬᠡᠷᠡᠭᠵᠢᠬᠦᠯᠥᠭᠰᠡᠨ ᠪᠠᠶᠢᠨ᠎ᠠ᠃ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠨᠢ ᠵᠠᠯᠠᠶᠢᠳ ᠬᠤᠰᠢᠭᠤᠨ ᠤ ᠴᠢᠨᠠᠷ ᠰᠠᠶᠢᠳᠠᠢ ᠬᠦᠭᠵᠢᠯᠳᠠ ᠳᠤ ᠰᠢᠨ᠎ᠠ ᠬᠦᠳᠡᠯᠭᠡᠭᠴᠢ ᠬᠦᠴᠤᠨ ᠬᠠᠩᠭᠠᠯ᠎ᠠ᠃     ᠲᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠨᠢ ᠠᠵᠤ ᠦᠢᠯᠡᠰ ᠤᠨ ᠬᠦᠭᠵᠢᠯᠳᠠ ᠶᠢᠨ ᠰᠢᠨ᠎ᠠ ᠲᠦᠷᠢ ᠲᠦᠷᠬᠦ ᠶᠢ ᠢᠯᠡᠷᠡᠬᠦᠯᠤᠨ᠎ᠠ     ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠬᠤᠳᠠᠳᠠᠢ ᠭᠠᠴᠠᠭᠠᠨ ᠤ ᠤᠯᠤᠰ ᠤᠨ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠭᠤᠤᠯᠯᠠᠭᠴᠢ ᠵᠢᠱᠢᠶ᠎ᠠ ᠦᠵᠡᠬᠦᠯᠬᠦ ᠲᠤᠭᠤᠷᠢᠭ᠂ ᠲᠤᠬᠠᠶᠢᠯᠠᠪᠠᠯ 2 ᠲᠦᠮᠡᠨ ᠰᠢᠯᠢᠳᠡᠭ ᠠᠯᠠᠰᠢᠨ ᠦᠬᠡᠷ ᠤᠨ ᠠᠮᠢ ᠠᠬᠤᠢ ᠶᠢᠨ ᠲᠦᠷᠤᠯ ᠵᠦᠢᠯ ᠤᠨ ᠲᠤᠭᠤᠷᠢᠭ ᠲᠤ᠂ ᠲᠠᠷᠭᠤ ᠰᠠᠶᠢᠳᠠᠢ ᠰᠢᠮᠧᠨ᠋ᠲᠷ ᠪᠡᠯᠴᠢᠵᠤ᠂ ᠠᠵᠢᠯᠳᠠᠨ ᠠᠴᠠ ᠡᠪᠡᠰᠤ ᠪᠤᠷᠳᠤᠭ᠎ᠠ ᠲᠡᠭᠡᠭᠡᠪᠤᠷᠢᠯᠠᠵᠤ ᠶᠠᠭᠠᠷᠠᠯᠳᠤᠨ᠎ᠠ᠃      ᠲᠤᠰ ᠵᠢᠱᠢᠶ᠎ᠠ ᠦᠵᠡᠬᠦᠯᠬᠦ ᠤᠷᠤᠨ ᠲᠤᠭᠤᠷᠢᠭ ᠪᠤᠯ ᠪᠡᠭᠡᠵᠢᠩ ᠦᠪᠤᠷ ᠮᠤᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠦᠷᠤᠯ ᠵᠦᠢᠯ ᠪᠠᠶᠢᠵᠤ᠂ ᠲᠡᠵᠢᠭᠡᠯ ᠡᠪᠡᠰᠤ ᠲᠠᠷᠢᠵᠤ ᠤᠷᠭᠤᠭᠤᠯᠬᠤ᠂ ᠬᠤᠨᠢ ᠮᠠᠯ ᠲᠡᠵᠢᠭᠡᠨ ᠦᠷᠡᠵᠢᠬᠦᠯᠬᠦ᠂ ᠡᠬᠦᠯᠳᠡᠷ ᠰᠠᠶᠢᠵᠢᠷᠠᠭᠤᠯᠬᠤ᠂ ᠬᠦᠨᠵᠡᠭᠡᠢ ᠪᠤᠯᠪᠠᠰᠤᠷᠠᠭᠤᠯᠬᠤ ᠵᠡᠷᠭᠡ ᠤᠯᠠᠨ ᠭᠤᠭᠴᠤᠭ᠎ᠠ ᠶᠢ ᠬᠠᠮᠤᠷᠴᠤ᠂ ᠵᠢᠯ ᠪᠦᠷᠢ ᠤᠶᠢᠷ᠎ᠠ ᠬᠠᠪᠢ ᠶᠢᠨ 3 ᠲᠦᠮᠡᠨ ᠮᠣ ᠡᠰᠢ ᠰᠦᠷᠡᠯ ᠢ ᠵᠠᠷᠤᠴᠠᠭᠤᠯᠵᠤ᠂ 100 ᠭᠠᠷᠤᠢ ᠬᠦᠮᠤᠰ ᠤᠨ ᠠᠵᠢᠯ ᠤᠯᠭᠤᠯᠳᠠ ᠶᠢ ᠲᠠᠶᠢᠴᠢᠯᠠᠨ᠂ ᠮᠢᠩᠭ᠎ᠠ ᠭᠠᠷᠤᠢ ᠡᠷᠤᠬᠡ ᠶᠢᠨ ᠮᠠᠯᠴᠢᠨ ᠲᠠᠷᠢᠶᠠᠴᠢᠳ ᠲᠤ ᠠᠰᠢᠭ ᠬᠦᠷᠳᠡᠭᠡᠵᠤ᠂ 50 ᠲᠦᠮᠡᠨ ᠮᠣ ᠪᠡᠯᠴᠢᠭᠡᠷ ᠢ ︽ᠠᠮᠠᠷᠠᠭᠤᠯᠤᠯ᠎ᠠ︾᠃      ︽ᠤᠷᠤᠨ ᠲᠤᠭᠤᠷᠢᠭ ᠢ ᠬᠠᠮᠳᠤ ᠪᠠᠷ ᠪᠠᠶᠢᠭᠤᠯᠬᠤ ᠲᠠᠯ᠎ᠠ ᠪᠠᠷ ᠪᠢᠳᠠ ᠪᠡᠭᠡᠵᠢᠩ ᠤᠨ ᠵᠦᠩ ᠭᠤᠸᠠᠨ ᠼᠦᠨ ᠤ ᠹᠧᠩᠲ᠋ᠠᠢ ᠶᠤᠸᠠᠨ ᠠᠵᠤ ᠠᠬᠤᠶᠢᠯᠠᠯ ᠤᠨ ᠦᠢᠯᠡᠴᠢᠯᠡᠭᠡᠨ ᠤ ᠲᠦᠪ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠦᠳᠤᠬᠦᠪᠴᠢ ᠭᠡᠷ᠎ᠠ ᠲᠤᠭᠳᠠᠵᠤ᠂ ᠤᠷᠤᠨ ᠲᠤᠭᠤᠷᠢᠭ ᠤᠨ ᠲᠦᠯᠤᠪᠯᠡᠭᠡ᠂ ᠠᠵᠤ ᠦᠢᠯᠡᠰ ᠤᠨ ᠬᠠᠮᠳᠤᠷᠠᠯᠴᠠᠭ᠎ᠠ᠂ ᠰᠢᠨᠵᠢᠯᠡᠬᠦ ᠤᠬᠠᠭᠠᠨ ᠰᠢᠨ᠎ᠠ ᠶᠢ ᠡᠬᠦᠳᠬᠦ᠂ ᠤᠷᠤᠨ ᠠᠯᠤᠰᠯᠠᠭᠰᠠᠨ ᠠᠵᠤ ᠠᠬᠤᠢ᠂ ᠴᠢᠳᠠᠪᠤᠷᠢᠳᠠᠨ ᠢ ᠬᠦᠮᠤᠵᠢᠬᠦᠯᠬᠦ᠂ ᠠᠵᠤ ᠠᠬᠤᠶᠢᠯᠠᠯ ᠢ ᠬᠦᠭᠵᠢᠬᠦᠯᠬᠦ ᠲᠠᠯ᠎ᠠ ᠪᠠᠷ ᠬᠠᠮᠳᠤ ᠪᠠᠷ ᠪᠠᠶᠢᠭᠤᠯᠬᠤ ᠶᠢ ᠬᠡᠷᠡᠭᠵᠢᠬᠦᠯᠪᠡ︾ ᠭᠡᠵᠤ ᠹᠧᠩᠲ᠋ᠠᠢ ᠲᠤᠭᠤᠷᠢᠭ ᠤᠨ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠬᠤᠰᠢᠭᠤᠨ ᠤ ᠲᠡᠳ᠋ ᠲᠠᠷᠤᠭ᠎ᠠ ᠪᠠᠷ ᠲᠤᠰᠢᠶᠠᠯ ᠡᠬᠦᠷᠭᠡᠯᠡᠵᠤ ᠪᠠᠶᠢᠭ᠎ᠠ ᠶᠠᠩ ᠱᠥᠸᠧ ᠲᠠᠨᠢᠯᠴᠠᠭᠤᠯᠤᠨ᠎ᠠ᠃      ᠬᠡᠷᠡᠭᠯᠡᠭᠡ ᠶᠢ ᠬᠠᠪᠰᠤᠷᠤᠨ ᠲᠡᠳᠬᠦᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠢᠨ᠎ᠠ ᠪᠠᠶᠢᠳᠠᠯ ᠢ ᠵᠢᠷᠤᠭᠯᠠᠨ᠎ᠠ       7 ᠰᠠᠷ᠎ᠠ ᠶᠢᠨ 18 ᠠᠴᠠ 20 ᠤ ᠡᠳᠤᠷ ᠪᠤᠯᠳᠠᠯ᠎ᠠ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠬᠢᠭᠡᠳ ᠪᠡᠭᠡᠵᠢᠩ ᠤᠨ ᠹᠧᠩᠲ᠋ᠠᠢ ᠲᠤᠭᠤᠷᠢᠭ ᠤᠨ ᠵᠢᠣ ᠠᠨ ᠵᠡᠭᠡᠯᠢ ᠲᠠᠢ ᠬᠠᠮᠳᠤᠷᠠᠨ ︽ᠵᠢᠣ ᠠᠨ ᠬᠤᠯᠪᠤᠭ᠎ᠠ︾ ᠭᠡᠬᠦ ᠲᠤᠳᠤᠷᠭ᠎ᠠ ᠶᠢ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠰᠢᠭᠤᠳ ᠬᠦᠷᠭᠡᠬᠦ ᠲᠡᠯᠭᠡᠨ ᠪᠤᠷᠤᠯᠠᠭᠤᠯᠭ᠎ᠠ ᠶᠢᠨ ᠰᠢᠷᠢᠰ ᠠᠵᠢᠯᠯᠠᠭ᠎ᠠ ᠦᠷᠨᠢᠬᠦᠯᠪᠠ᠃ ᠵᠠᠯᠠᠶᠢᠳ ᠬᠤᠰᠢᠭᠤᠨ ᠤ ᠮᠤᠩ ᠶᠤᠸᠠᠨ ᠲᠤᠳᠤᠷᠭ᠎ᠠ ᠪᠤᠯᠪᠠᠰᠤᠷᠠᠭᠤᠯᠬᠤ ᠠᠵᠤ ᠠᠬᠤᠶᠢᠯᠠᠯ ᠪᠠ ᠪᠡᠭᠡᠵᠢᠩ ᠬᠤᠳᠠ ᠶᠢᠨ ᠤᠯᠠᠨ ᠢᠳᠡᠭᠡᠨ ᠤᠮᠳᠠᠭᠠᠨ ᠤ ᠠᠵᠤ ᠠᠬᠤᠶᠢᠯᠠᠯ ᠲᠠᠢ ᠬᠢᠩᠭᠠᠨ ᠠᠶᠢᠮᠠᠭ ᠤᠨ ᠲᠤᠳᠤᠷᠭ᠎ᠠ ᠶᠢ 2.5 ᠲᠦᠮᠡᠨ ᠺᠢᠯᠥᠭᠷᠠᠮ ᠵᠠᠬᠢᠶᠠᠯᠠᠵᠤ᠂ ᠶᠡᠷᠤᠩᠬᠡᠢ ᠦᠷᠳᠡᠭ ᠨᠢ 25 ᠲᠦᠮᠡᠨ ᠲᠦᠬᠦᠷᠢᠭ ᠲᠤ ᠬᠦᠷᠪᠠ᠃ ᠠᠵᠢᠯᠯᠠᠭᠠᠨ ᠤ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠨᠢ ᠪᠡᠭᠡᠵᠢᠩ ᠤᠨ ᠹᠧᠩᠲ᠋ᠠᠢ ᠲᠤᠭᠤᠷᠢᠭ ᠤᠨ ᠵᠢᠣ ᠠᠨ ᠵᠡᠭᠡᠯᠢ᠂ ᠰᠤᠷᠭᠠᠭᠤᠯᠢ᠂ ᠨᠠᠰᠤᠳᠠᠨ ᠢ ᠠᠰᠠᠷᠠᠬᠤ ᠬᠦᠷᠢᠶᠡᠯᠡᠩ᠂ ᠨᠡᠶᠢᠭᠡᠮ ᠲᠤᠭᠤᠷᠢᠭ᠂ ᠬᠤᠳᠠᠯᠳᠤᠭᠠᠨ ᠤ ᠲᠠᠯᠠᠪᠠᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠤᠯᠠᠨ ᠬᠡᠷᠡᠭᠯᠡᠭᠡᠨ ᠤ ᠲᠠᠯᠠᠪᠠᠢ ᠶᠢ ᠬᠠᠮᠤᠷᠴᠤ᠂ ᠬᠢᠩᠭᠠᠨ ᠠᠶᠢᠮᠠᠭ ᠤᠨ ᠲᠤᠳᠤᠷᠭ᠎ᠠ ᠶᠢ ᠪᠡᠭᠡᠵᠢᠩ ᠤᠨ ᠵᠠᠬ᠎ᠠ ᠲᠡᠯᠭᠡᠬᠦᠷ ᠲᠤ ᠠᠮᠵᠢᠯᠳᠠᠳᠠᠢ ᠲᠠᠨᠢᠯᠴᠠᠭᠤᠯᠵᠠᠢ᠃       ᠤᠳᠤᠬᠠᠨ ᠪᠤᠯᠳᠠᠯ᠎ᠠ᠂ ᠵᠠᠯᠠᠶᠢᠳ ᠬᠤᠰᠢᠭᠤᠨ ᠤ ︽ᠪᠤᠬᠢᠷᠳᠤᠯ ᠦᠭᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢᠨ ᠪᠡᠭᠡᠵᠢᠩ ᠳᠤ ᠰᠠᠭᠤᠷᠢᠰᠢᠬᠤ ᠬᠤᠯᠪᠤᠭᠠᠯᠠᠯ︾ ᠤᠨ ᠠᠵᠤ ᠠᠬᠤᠶᠢᠯᠠᠯ 21 ᠳᠤ ᠲᠤᠯᠵᠤ᠂ ᠪᠤᠷᠤᠯᠠᠭᠤᠯᠤᠭᠰᠠᠨ ᠦᠷᠳᠡᠭ ᠨᠢ 1.48 ᠳ᠋ᠦᠩᠰᠢᠭᠤᠷ ᠲᠦᠬᠦᠷᠢᠭ ᠲᠤ ᠬᠦᠷᠴᠠᠢ᠃ ᠵᠠᠯᠠᠶᠢᠳ ᠬᠤᠰᠢᠭᠤ ᠪᠠᠶᠠᠷ ᠲᠤᠷᠠᠰᠬᠠᠯ ᠤᠨ ᠡᠳᠤᠷ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠠ ᠶᠢᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠲᠠᠨᠢᠯᠴᠠᠭᠤᠯᠤᠨ ᠲᠡᠯᠭᠡᠷᠡᠬᠦᠯᠬᠦ ᠬᠤᠷᠠᠯ ᠵᠡᠷᠭᠡ ᠬᠡᠷᠡᠭᠯᠡᠭᠡᠨ ᠤ ᠬᠠᠪᠰᠤᠷᠤᠨ ᠲᠡᠳᠬᠦᠬᠦ ᠠᠵᠢᠯᠯᠠᠭ᠎ᠠ ᠪᠠᠷ ᠲᠠᠮᠵᠢᠨ᠂ ᠬᠡᠷᠡᠭᠯᠡᠭᠡᠨ ᠤ ᠬᠠᠪᠰᠤᠷᠤᠨ ᠲᠡᠳᠬᠦᠬᠦ 3.35 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠪᠡᠶᠡᠯᠡᠬᠦᠯᠪᠠ᠃ ᠡᠬᠦᠨ ᠤ ᠬᠠᠮᠳᠤ᠂ ᠹᠧᠩᠲ᠋ᠠᠢ ᠲᠤᠭᠤᠷᠢᠭ ᠪᠠᠰᠠ 80 ᠲᠦᠮᠡᠨ ᠲᠦᠬᠦᠷᠢᠭ ᠤᠨ ᠪᠡᠯᠡ ᠮᠦᠩᠬᠦ ᠤᠷᠤᠭᠤᠯᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠲᠦᠷᠤᠯ ᠵᠦᠢᠯ ᠢ ᠬᠡᠷᠡᠭᠵᠢᠬᠦᠯᠵᠤ ᠂ 1 ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠢᠭᠤᠳ ᠨᠡᠪᠳᠡᠷᠡᠬᠦᠯᠭᠡ ᠶᠢᠨ ᠲᠠᠰᠤᠭ᠂ 2 ᠲᠠᠷᠢᠶᠠᠯᠠᠩ ᠤᠨ ᠪᠦᠳᠤᠭᠡᠭᠳᠡᠬᠦᠨ ᠤ ᠲᠡᠯᠭᠡᠨ ᠪᠤᠷᠤᠯᠠᠭᠤᠯᠭ᠎ᠠ ᠶᠢ ᠡᠷᠬᠢᠯᠡᠭᠰᠡᠨ ᠪᠠᠶᠢᠨ᠎ᠠ᠃       ︽ᠪᠦᠯᠬᠦᠮ ᠪᠠᠶᠢᠭᠤᠯᠬᠤ ᠮᠠᠶ᠋ᠢᠬ︾ ᠢᠶᠠᠷ ᠬᠠᠪᠰᠤᠷᠤᠨ ᠲᠡᠳᠬᠦᠵᠤ ᠰᠤᠷᠭᠠᠨ ᠬᠦᠮᠤᠵᠢᠯ ᠡᠮ ᠡᠮᠨᠡᠯᠭᠡ ᠶᠢᠨ ᠰᠢᠨ᠎ᠠ ᠬᠦᠳᠡᠯᠭᠡᠬᠦ ᠬᠦᠴᠤᠨ ᠢ ᠤᠷᠮᠠᠰᠢᠭᠤᠯᠤᠨ᠎ᠠ      ︽ᠪᠦᠯᠬᠦᠮ ᠪᠠᠶᠢᠭᠤᠯᠬᠤ ᠮᠠᠶ᠋ᠢᠬ︾ ᠢᠶᠠᠷ ᠵᠠᠯᠠᠶᠢᠳ ᠬᠤᠰᠢᠭᠤᠨ ᠤ ᠰᠤᠷᠭᠠᠨ ᠬᠦᠮᠤᠵᠢᠯ ᠳᠤ ᠲᠡᠷᠢᠬᠦᠨ ᠤ ᠴᠢᠳᠠᠪᠤᠷᠢᠳᠠᠨ ᠬᠦᠮᠤᠵᠢᠬᠦᠯᠬᠦ ᠰᠢᠰᠲ᠋ᠧᠮ ᠪᠠ ᠬᠠᠮᠢᠶᠠᠷᠤᠯᠳᠠ ᠶᠢᠨ ᠬᠡᠯᠪᠡᠷᠢ ᠶᠢ ᠠᠭᠤᠰᠬᠠᠭᠰᠠᠨ ᠠᠴᠠ ᠬᠦᠴᠤᠷᠬᠡᠭ ᠶᠡᠭᠡ ᠬᠦᠳᠡᠯᠭᠡᠭᠴᠢ ᠬᠦᠴᠤᠨ ᠢ ᠤᠷᠮᠠᠰᠢᠭᠤᠯᠤᠨ᠂ ᠤᠬᠢ ᠰᠢᠯᠢᠳᠡᠭ ᠰᠤᠷᠭᠠᠭᠤᠯᠢ ᠡᠷᠬᠢᠯᠡᠬᠦ ᠦᠷ᠎ᠠ ᠪᠦᠳᠤᠮᠵᠢ ᠤᠯᠪᠠ᠃ 2024 ᠤᠨ ᠳᠤ᠂ ᠵᠠᠯᠠᠶᠢᠳ ᠬᠤᠰᠢᠭᠤᠨ ᠤ ᠢᠨᠳᠠᠷ ᠲᠠᠬᠢ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠤᠯᠤᠰ ᠤᠨ ᠨᠢᠭᠡᠳᠤᠯᠳᠠᠢ ᠰᠢᠯᠭᠠᠯᠳᠠ ᠳᠤ 2 ᠰᠤᠷᠤᠭᠴᠢ 600 ᠬᠤᠪᠢ ᠠᠴᠠ ᠲᠡᠭᠡᠭᠰᠢ ᠰᠢᠯᠭᠠᠵᠤ᠂ ᠵᠢᠩᠬᠢᠨᠢ ᠠᠩᠬᠢ ᠳᠤ ᠤᠷᠤᠭᠰᠠᠨ ᠨᠤᠷᠮ᠎ᠠ 99.32% ᠲᠤ ᠲᠤᠯᠪᠠ᠃ ᠤᠶᠢᠷ᠎ᠠ ᠶᠢᠨ ᠬᠤᠶᠠᠷ ᠵᠢᠯ ᠳᠤ᠂ ᠰᠤᠷᠭᠠᠨ ᠬᠦᠮᠤᠵᠢᠯ ᠤᠨ ᠬᠠᠪᠰᠤᠷᠤᠨ ᠲᠡᠳᠬᠦᠬᠦ ᠪᠦᠯᠬᠦᠮ ᠠᠩᠬᠢ ᠨᠢ ᠵᠢᠱᠢᠶ᠎ᠠ ᠦᠵᠡᠬᠦᠯᠬᠦ ᠬᠢᠴᠢᠶᠡᠯ᠂ ᠬᠢᠴᠢᠶᠡᠯ ᠰᠤᠨᠤᠰᠴᠤ ᠦᠨᠡᠯᠡᠯᠳᠠ ᠬᠢᠬᠦ ᠵᠢᠴᠢ ᠬᠠᠮᠳᠤ ᠶᠢᠨ ᠵᠢᠭᠠᠨ ᠰᠤᠳᠤᠯᠭᠠᠨ ᠤ ᠠᠵᠢᠯᠯᠠᠭ᠎ᠠ ᠶᠢ 240 ᠭᠠᠷᠤᠢ ᠤᠳᠠᠭ᠎ᠠ ᠦᠷᠨᠢᠬᠦᠯᠵᠤ᠂ ︽ᠪᠡᠭᠡᠵᠢᠩ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠠᠮᠵᠢᠯᠴᠠᠭ᠎ᠠ ᠶᠢᠨ ᠤᠶᠤᠨᠴᠢ ᠲᠠᠪᠴᠠᠩ︾ ᠢᠶᠠᠷ ᠲᠠᠮᠵᠢᠨ 38 ᠤᠳᠠᠭᠠᠨ ᠤ ᠵᠢᠭᠠᠨ ᠰᠤᠳᠤᠯᠭᠠᠨ ᠤ ᠠᠵᠢᠯᠯᠠᠭ᠎ᠠ ᠦᠷᠨᠢᠬᠦᠯᠥᠭᠰᠡᠨ ᠪᠠᠶᠢᠨ᠎ᠠ᠃ ︽ ᠹᠧᠩ · ᠯᠠᠢ︾ ᠬᠠᠶᠢᠷ᠎ᠠ ᠬᠠᠯᠠᠮᠵᠢ ᠶᠢᠨ ᠲᠦᠯᠤᠪᠯᠡᠭᠡ ᠶᠢ ᠬᠡᠷᠡᠭᠵᠢᠬᠦᠯᠵᠤ᠂ 165 ᠰᠢᠯᠢᠳᠡᠭ ᠪᠠᠭᠰᠢ ᠰᠤᠷᠤᠭᠴᠢ ᠳᠤ 10.1 ᠲᠦᠮᠡᠨ ᠲᠦᠬᠦᠷᠢᠭ ᠤᠨ ᠱᠠᠩᠨᠠᠯ ᠭᠠᠷᠳᠠᠭᠤᠯᠪᠠ᠃ 182 ᠲᠦᠮᠡᠨ ᠲᠦᠬᠦᠷᠢᠭ ᠤᠨ ᠪᠡᠯᠡ ᠮᠦᠩᠬᠦ ᠤᠷᠤᠭᠤᠯᠤᠨ ᠦᠨᠳᠤᠷ ᠲᠤᠮᠳᠠᠳᠤ ᠶᠢᠨ ᠰᠤᠷᠭᠠᠭᠤᠯᠢ ᠶᠢᠨ ᠵᠢᠭᠠᠨ ᠰᠤᠷᠭᠠᠯᠳᠠ᠂ ︽ᠬᠤᠤᠰ ᠪᠠᠭᠰᠢ ᠶᠢᠨ ᠬᠢᠴᠢᠶᠡᠯ ᠤᠨ ᠲᠠᠩᠬᠢᠮ︾   ᠤᠨ ᠲᠦᠷᠤᠯ ᠵᠦᠢᠯ ᠢ ᠬᠡᠷᠡᠭᠵᠢᠬᠦᠯᠵᠤ᠂ 28 ᠰᠤᠷᠭᠠᠭᠤᠯᠢ ᠶᠢᠨ 1.8 ᠲᠦᠮᠡᠨ ᠰᠤᠷᠤᠭᠴᠢ ᠶᠢ ᠬᠠᠮᠤᠷᠴᠤ᠂ ᠪᠡᠭᠡᠵᠢᠩ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠠᠮᠵᠢᠯᠴᠠᠭᠠᠨ ᠤ ᠰᠢᠨ᠎ᠠ ᠬᠠᠭᠤᠳᠠᠰᠤ ᠶᠢ ᠪᠢᠴᠢᠭᠯᠡᠯ᠎ᠠ᠃     ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠤᠭᠡᠷ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠹᠧᠩᠲ᠋ᠠᠢ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠤᠨ 13 ᠡᠮᠨᠡᠯᠭᠡ ᠶᠢᠨ ᠲᠤᠰᠬᠠᠢ ᠮᠡᠷᠭᠡᠵᠢᠯᠳᠠᠨ ᠨᠢ ᠵᠠᠯᠠᠶᠢᠳ ᠬᠤᠰᠢᠭᠤᠨ ᠤ ᠡᠮᠴᠢ ᠨᠠᠷ ᠲᠠᠢ ᠲᠤᠷᠰᠢᠯᠭ᠎ᠠ ᠪᠠᠨ ᠰᠤᠯᠢᠯᠴᠠᠨ᠂ ᠤᠶᠢᠯᠠᠭᠠᠯᠳᠠ ᠪᠠᠨ ᠬᠤᠪᠢᠶᠠᠯᠴᠠᠵᠤ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠶᠠᠰᠤ ᠴᠢᠨᠠᠷ᠂ ᠬᠠᠮᠢᠶᠠᠷᠤᠯᠳᠠ ᠶᠢᠨ ᠬᠢᠷᠢ ᠲᠦᠪᠰᠢᠨ᠂ ᠰᠢᠨᠵᠢᠯᠡᠬᠦ ᠤᠬᠠᠭᠠᠨ ᠰᠢᠨ᠎ᠠ ᠶᠢ ᠡᠬᠦᠳᠬᠦ ᠵᠡᠷᠭᠡ ᠲᠠᠯ᠎ᠠ ᠶᠢᠨ ᠴᠢᠨᠠᠷ ᠰᠠᠶᠢᠳᠠᠢ ᠬᠦᠭᠵᠢᠯᠳᠠ ᠶᠢ ᠤᠯᠠᠮ ᠨᠢᠭᠡ ᠠᠯᠬᠤᠮ ᠠᠬᠢᠭᠤᠯᠪᠠ᠃ ᠡᠬᠦᠨ ᠠᠴᠠ ᠭᠠᠳᠠᠨ᠎ᠠ᠂ ᠪᠡᠭᠡᠵᠢᠩ ᠤᠨ ᠡᠮᠨᠡᠯᠭᠡ ᠶᠢᠨ ᠲᠤᠰᠬᠠᠢ ᠮᠡᠷᠭᠡᠵᠢᠯᠳᠠᠨ ᠠᠴᠠ ᠬᠠᠮᠢᠶ᠎ᠠ ᠪᠦᠬᠦᠢ ᠰᠠᠯᠠᠭ᠎ᠠ ᠲᠠᠰᠤᠭ ᠢᠶᠠᠷ ᠬᠦᠷᠴᠤ᠂ ᠡᠪᠡᠳᠴᠢᠳᠠᠨ ᠤ ᠡᠪᠡᠳᠴᠢᠨ ᠢ ᠨᠢ ᠤᠨᠤᠴᠠᠳᠠᠢ ᠤᠨᠤᠰᠢᠯᠠᠬᠤ ᠶᠢᠨ ᠬᠠᠮᠳᠤ ᠡᠮᠨᠡᠨ ᠵᠠᠰᠠᠬᠤ ᠲᠦᠰᠥᠪ ᠦᠭᠴᠤ᠂ ᠤᠯᠠᠨ ᠲᠦᠮᠡᠡ ᠭᠡᠷ ᠤᠨ ᠡᠬᠦᠳᠡᠨ ᠳᠡᠭᠡᠨ ᠲᠤᠰᠬᠠᠢ ᠮᠡᠷᠭᠡᠵᠢᠯᠳᠠᠨ ᠤ ᠰᠢᠯᠢᠳᠡᠭ ᠦᠢᠯᠡᠴᠢᠯᠡᠭᠡ ᠶᠢ ᠬᠦᠷᠳᠡᠯ᠎ᠠ᠃ᠠᠵᠢᠯ ᠤᠯᠭᠤᠯᠳᠠ ᠪᠠᠷ ᠬᠠᠪᠰᠤᠷᠤᠨ ᠲᠡᠳᠬᠦᠵᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠤᠯᠡᠨ᠎ᠠ      ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠬᠢᠭᠡᠳ ᠪᠡᠭᠡᠵᠢᠩ ᠤᠨ ᠹᠧᠩᠲ᠋ᠠᠢ ᠲᠤᠭᠤᠷᠢᠭ ᠤᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠲᠤᠪᠴᠢᠶ᠎ᠠ ᠲᠠᠢ ᠬᠠᠮᠳᠤᠷᠠᠨ ︽ᠵᠠᠯᠠᠭᠤᠴᠤᠳ ᠤᠨ ᠠᠵᠢᠯ ᠤᠯᠬᠤ ᠴᠢᠳᠠᠪᠤᠷᠢ ᠶᠢᠨ ᠲᠠᠳᠤᠯᠭ᠎ᠠ ᠶᠢᠨ ᠬᠤᠸᠠᠷᠠᠨ ︵ᠪᠡᠭᠡᠵᠢᠩ ᠦᠪᠤᠷ ᠮᠤᠩᠭᠤᠯ ᠤᠨ ᠬᠤᠸᠠᠷᠠᠨ︶︾   ᠢ ᠡᠷᠬᠢᠯᠡᠪᠡ᠃ ᠡ᠊ᠨᠠ ᠪᠤᠯ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠡᠷᠬᠢᠯᠡᠭᠰᠡᠨ ᠬᠠᠮᠤᠭ ᠠᠩᠬᠠᠨ ᠤ ᠠᠵᠢᠯ ᠤᠯᠬᠤ ᠴᠢᠳᠠᠪᠤᠷᠢ ᠶᠢᠨ ᠲᠠᠳᠤᠯᠭ᠎ᠠ ᠶᠢᠨ ᠬᠤᠸᠠᠷᠠᠨ ᠪᠠᠶᠢᠵᠤ᠂ ᠵᠠᠯᠠᠶᠢᠳ ᠬᠤᠰᠢᠭᠤᠨ ᠤ 25 ᠵᠠᠯᠠᠭᠤᠴᠤᠳ ᠤᠷᠤᠯᠴᠠᠵᠠᠢ᠃      ᠪᠡᠭᠡᠵᠢᠩ ᠬᠤᠳᠠ ᠶᠢᠨ ᠹᠧᠩᠲ᠋ᠠᠢ ᠲᠤᠭᠤᠷᠢᠭ ᠪᠠ ᠵᠠᠯᠠᠶᠢᠳ ᠬᠤᠰᠢᠭᠤ ᠬᠤᠶᠠᠷ ᠭᠠᠵᠠᠷ ᠬᠠᠪᠰᠤᠷᠤᠨ ᠲᠡᠳᠬᠦᠬᠦ ᠬᠦᠴᠤᠯᠡᠴᠠ ᠪᠠᠨ ᠲᠠᠰᠤᠷᠠᠯᠳᠠ ᠦᠭᠡᠢ ᠨᠡᠮᠡᠭᠳᠡᠬᠦᠯᠵᠤ᠂ ᠠᠵᠢᠯ ᠤᠯᠭᠤᠬᠤ ᠬᠠᠪᠰᠤᠷᠤᠨ ᠲᠡᠳᠬᠦᠬᠦ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠪᠠ᠃ ᠡᠬᠦᠨ ᠳᠤ᠂ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠢ ᠲᠤᠬᠢᠷᠠᠭᠤᠯᠬᠤ᠂ ᠠᠵᠤ ᠠᠬᠤᠶᠢᠯᠠᠯ ᠤᠨ ᠤᠷᠤᠨ ᠲᠤᠭᠤᠷᠢᠭ ᠤᠨ ᠠᠵᠢᠯ ᠤᠯᠭᠤᠬᠤ ᠶᠢ ᠲᠠᠨᠢᠯᠴᠠᠭᠤᠯᠬᠤ᠂ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠨᠦᠬᠦᠪᠤᠷᠢ ᠲᠠᠷᠬᠠᠭᠠᠬᠤ ᠪᠠ ᠬᠦᠳᠡᠯᠮᠤᠷᠢ ᠬᠦᠴᠤᠨ ᠤ ᠬᠠᠮᠳᠤᠷᠠᠯᠴᠠᠭᠠᠨ ᠤ ᠮᠡᠷᠭᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠬᠦ ᠵᠡᠷᠭᠡ ᠬᠡᠯᠪᠡᠷᠢ ᠪᠠᠷ ᠠᠵᠢᠯ ᠤᠨ ᠪᠠᠶᠢᠷᠢ ᠶᠢ ᠨᠡᠮᠡᠭᠳᠡᠬᠦᠯᠪᠠ᠃ ᠡ᠊ᠨᠠ ᠵᠢᠯ᠂ ᠵᠠᠯᠠᠶᠢᠳ ᠬᠤᠰᠢᠭᠤ ᠰᠦᠯᠵᠢᠶᠠᠨ ᠲᠡᠭᠡᠷ᠎ᠠ ᠪᠠ ᠪᠤᠳᠠᠳᠠᠢ ᠳᠤ 1.6 ᠲᠦᠮᠠ ᠭᠠᠷᠤᠢ ᠠᠵᠢᠯ ᠤᠨ ᠪᠠᠶᠢᠷᠢ ᠬᠠᠩᠭᠠᠨ᠂ 541 ᠬᠦᠮᠤᠨ ᠠᠵᠢᠯ ᠤᠯᠬᠤ ᠰᠠᠨᠠᠮᠵᠢ ᠲᠤᠭᠳᠠᠪᠠ︔ ᠬᠦᠳᠡᠯᠮᠤᠷᠢ ᠬᠦᠴᠤᠨ ᠤ ᠬᠠᠮᠳᠤᠷᠠᠯᠴᠠᠭᠠᠨ ᠤ ᠮᠡᠷᠭᠡᠵᠢᠯ ᠤᠨ ᠪᠤᠯᠪᠠᠰᠤᠷᠠᠯ ᠢ 16 ᠤᠳᠠᠭ᠎ᠠ ᠡᠷᠬᠢᠯᠡᠵᠤ᠂ 472 ᠬᠦᠮᠤᠨ ︵ᠤᠳᠠᠭ᠎ᠠ︶ ᠢ ᠬᠠᠮᠤᠷᠴᠠᠢ︔ ᠠᠵᠢᠯᠳᠠᠨ ᠡᠯᠰᠡᠬᠦ ᠴᠤᠭᠯᠠᠭᠠᠨ ᠢᠶᠠᠷ ᠲᠠᠮᠵᠢᠨ ᠬᠦᠳᠡᠭᠡ ᠲᠤᠰᠬᠤᠨ ᠤ 4248 ᠬᠦᠮᠤᠨ ᠤ ᠠᠵᠢᠯ ᠤᠯᠭᠤᠯᠳᠠ ᠶᠢ ᠪᠡᠶᠡᠯᠡᠬᠦᠯᠵᠤ᠂ ᠤᠯᠠᠨ ᠲᠦᠮᠡᠨ ᠤ ᠪᠠᠶᠠᠷ ᠵᠢᠷᠭᠠᠯ ᠤᠨ ᠵᠢᠭᠠᠯᠳᠠ ᠲᠤᠭ᠎ᠠ ᠶᠢ ᠲᠡᠭᠡᠭᠰᠢᠯᠡᠬᠦᠯᠥᠭᠰᠡᠨ ᠪᠠᠶᠢᠨ᠎ᠠ᠃       ᠪᠡᠭᠡᠵᠢᠩ ᠦᠪᠤᠷ ᠮᠤᠩᠭᠤᠯ ᠨᠢᠭᠡ ᠭᠡᠷ ᠪᠦᠯᠢ ᠶᠢᠨ ᠬᠢᠨ ᠮᠡᠳᠤ ᠲᠤᠳᠤᠨᠤ ᠪᠠᠶᠢᠵᠤ᠂ ᠬᠠᠮᠳᠤ ᠪᠠᠷ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠤᠨ᠎ᠠ᠃ ᠰᠢᠨ᠎ᠠ ᠠᠶᠠᠨ ᠳᠤ᠂ ᠪᠡᠭᠡᠵᠢᠩ ᠬᠤᠳᠠ ᠶᠢᠨ ᠹᠧᠩᠲ᠋ᠠᠢ ᠲᠤᠭᠤᠷᠢᠭ ᠪᠠ ᠬᠢᠩᠭᠠᠨ ᠠᠶᠢᠮᠠᠭ ᠤᠨ ᠵᠠᠯᠠᠶᠢᠳ ᠬᠤᠰᠢᠭᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠂ ᠦᠨᠡᠨ ᠪᠤᠳᠠᠳᠠᠢ ᠠᠵᠢᠯᠯᠠᠨ᠂ ︽ᠬᠤᠶᠠᠷ ᠶᠡᠭᠡ ᠶᠠᠪᠤᠳᠠᠯ︾ ᠤᠨ ᠲᠤᠭᠤᠷᠢᠨ ᠳᠤ᠂ ︽ᠵᠢᠷᠭᠤᠭᠠᠨ ᠲᠠᠬᠢᠨ ᠢᠶᠠᠷ ᠨᠡᠮᠡᠭᠳᠡᠬᠦᠯᠬᠦ ᠲᠦᠯᠤᠪᠯᠡᠭᠡ︾ ᠳᠤ ᠲᠦᠪᠯᠡᠷᠡᠬᠦᠯᠵᠤ᠂ ᠨᠡᠷᠡᠳᠤ ᠲᠡᠮᠳᠡᠭ ᠤᠨ ᠡᠩᠨᠡᠭᠡ ᠶᠢ ᠪᠤᠵᠠᠭᠠᠶᠢᠷᠠᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠬᠢᠴᠠ ᠪᠠᠨ ᠲᠦᠷᠭᠡᠳᠭᠡᠵᠤ᠂ ᠪᠡᠭᠡᠵᠢᠩ ᠦᠪᠤᠷ ᠮᠤᠩᠭᠤᠯ ᠤᠨ ᠬᠠᠮᠵᠢᠯᠴᠠᠭ᠎ᠠ ᠶᠢᠨ ᠰᠢᠨ᠎ᠠ ᠬᠠᠭᠤᠳᠠᠰᠤ ᠶᠢ ᠬᠠᠮᠳᠤ ᠪᠠᠷ ᠪᠢᠴᠢᠭᠯᠡᠨ᠎ᠠ᠃                                ︵ ᠴᠤᠯᠮᠤᠨ  ᠪᠠᠢ ᠢᠥᠢ ᠯᠢᠶᠠᠩ︶  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号