ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠭᠰᠡᠨ ᠲᠤᠷᠭᠠᠨ ᠮᠦᠴᠢᠷ
ᠨᠡᠶᠢᠲᠡᠯᠡᠭᠰᠡᠨ ᠴᠠᠭ᠄
2024/8/26
     2017 ᠣᠨ ᠤ 11 ᠰᠠᠷ᠎ᠠ ᠶᠢᠨ 21 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ︽ᠤᠯᠠᠭᠠᠨᠮᠥ᠋ᠴᠢᠷ ᠪᠣᠯ ᠪᠥᠬᠦ ᠤᠯᠤᠰ ᠤᠨ ᠣᠳᠬ᠎ᠠ ᠤᠷᠠᠯᠢᠭ ᠤᠨ ᠹᠷᠣᠨᠲ ᠤᠨ ᠨᠢᠭᠡᠨ ᠳᠤᠬ ᠮᠥᠨ︾ ᠭᠡᠵᠦ ᠮᠠᠭᠲᠠᠨ ᠰᠠᠶᠢᠰᠢᠶᠠᠵᠤ᠂ ᠤᠯᠠᠭᠠᠨᠮᠥ᠋ᠴᠢᠷ ᠤᠨ ᠬᠢᠨ ᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠭ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠠᠷᠠᠢ ᠭᠡᠵᠦ ᠵᠣᠷᠢᠭᠵᠢᠭᠤᠯᠪᠠ᠃ ᠡᠨᠡ ᠬᠦ ᠵᠤᠷᠢᠬᠵᠢᠭᠤᠯᠤᠯ ᠨᠢ ᠪᠦᠬᠦ ᠠᠶᠢᠮᠠᠭ ᠤᠨ ᠤᠯᠠᠭᠠᠨᠮᠦ᠋ᠴᠢᠷ ᠤᠨ ᠬᠡᠰᠢᠭᠦᠳ ᠢ ᠶᠡᠭᠡᠪᠡᠷ ᠤᠷᠮᠠᠰᠢᠭᠤᠯᠵᠠᠢ᠃ ᠡᠭᠦᠨ ᠳᠤ ᠲᠡᠳᠡ ᠵᠢᠯ ᠤᠨ ᠲᠦᠷᠪᠡᠨ ᠤᠯᠠᠷᠢᠯ ᠢ ᠢᠯᠭᠠᠯ ᠦᠭᠡᠢ ᠰᠠᠯᠬᠢ ᠪᠤᠷᠤᠭᠠᠨ ᠢ ᠲᠤᠭᠤᠯᠤᠨ᠂ ᠦᠨᠳᠦᠰᠦᠨ ᠱᠠᠳᠤᠨ ᠳᠤ ᠬᠦᠨᠵᠡᠭᠡᠶᠢᠷᠡᠵᠦ᠂ ᠠᠷᠠᠳ ᠤᠯᠠᠨ ᠤ ᠠᠮᠢᠳᠤᠷᠠᠯ ᠠᠴᠠ ᠰᠡᠳᠦᠪᠯᠡᠭᠰᠡᠨ᠂ ᠤᠮᠠᠷᠠᠳᠦ ᠬᠢᠯᠢ ᠶᠢᠨ ᠰᠤᠶᠤᠯ ᠢ ᠢᠯᠡᠷᠡᠭᠦᠯᠦᠭᠰᠡᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠬᠰᠠᠨ ᠰᠢᠯᠢᠳᠡᠭ ᠪᠦᠳᠦᠭᠡᠯ ᠢ ᠠᠯᠢ ᠤᠯᠠᠨ ᠵᠤᠬᠢᠶᠠᠨ ᠪᠦᠳᠦᠭᠡᠵᠦ᠂ ᠤᠳᠬ᠎ᠠ ᠤᠷᠠᠯᠢᠭ ᠢᠶᠠᠷ ᠠᠷᠠᠳ ᠤᠯᠠᠨ ᠤ ᠪᠠᠨ ᠰᠡᠳᠭᠢᠯ ᠢ ᠨᠢ ᠪᠠᠶᠠᠰᠬᠠᠵᠦ ᠶᠠᠪᠤᠯ᠎ᠠ᠃      ᠣᠯᠠᠨ ᠵᠢᠯ ᠤᠨ ᠲᠤᠷᠰᠢ᠂ ᠬᠢᠩᠭᠠᠨ ᠠᠶᠢᠮᠠᠭ ᠤᠨ ᠡᠯ᠎ᠠ ᠱᠠᠳᠤᠨ ᠤ ᠤᠯᠠᠭᠠᠨᠮᠦ᠋ᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠣᠶᠣᠯ ᠢᠶᠠᠷ ᠠᠷᠠᠳ ᠢᠶᠠᠨ ᠪᠠᠶᠠᠰᠬᠠᠬᠤ ᠶᠢ ᠪᠠᠷᠢᠮᠲᠠᠯᠠᠨ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ︽ᠵᠠᠭᠤᠨ ᠪᠦᠯᠬᠦᠮ ᠮᠢᠩᠭᠠᠨ ᠲᠠᠯᠠᠪᠤᠷ ᠲᠤᠭᠯᠠᠯᠳᠠ︾ ᠶᠢ ᠦᠨᠳᠦᠰᠦᠨ ᠱᠠᠲᠤᠨ ᠳᠤ ᠬᠦᠷᠬᠡᠬᠦ᠂ ᠦᠨᠳᠦᠰᠦᠨ ᠱᠠᠲᠦᠨ ᠳᠤ ︽ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠬᠦ︾ ᠵᠡᠷᠭᠡ ᠰᠢᠷᠢᠰ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡᠨ ᠤ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ᠂ ᠤᠬᠠᠭᠤᠯᠤᠨ ᠲᠠᠶᠢᠯᠪᠤᠷᠢᠯᠠᠬᠤ ᠪᠠ ᠬᠠᠪᠰᠤᠷᠤᠨ ᠵᠢᠯᠣᠭᠤᠳᠬᠤ ᠶᠢ ᠨᠢᠭᠡ ᠴᠣᠭᠴᠠᠵᠢᠭᠤᠯᠪᠠ᠃ ᠪᠠᠰᠠ ᠫᠷᠤᠭ᠍ᠷᠠᠮ ᠨᠠᠶᠢᠷᠠᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠦᠵᠡᠭᠴᠢᠳ ᠲᠠᠢ ᠬᠥᠳᠡᠯᠦᠯᠴᠡᠬᠦ᠂ ᠲᠤᠬᠠᠢ ᠶᠢᠨ ᠲᠠᠯᠠᠪᠤᠷ ᠲᠤ ᠵᠢᠯᠤᠭᠤᠳᠤᠯᠭ᠎ᠠ ᠬᠢᠬᠦ ᠵᠡᠷᠭᠡ ᠠᠷᠭ᠎ᠠ ᠪᠠᠷ ᠤᠯᠠᠨ ᠲᠦᠮᠡᠨ ᠤ ᠪᠠᠨ ᠰᠤᠶᠤᠯ ᠤᠨ ᠬᠦᠳᠦᠯᠦᠭᠴᠢ᠂ ᠤᠶᠤᠨ ᠤᠬᠠᠭᠠᠨ ᠤ ᠬᠢᠨᠢ ᠵᠠᠮᠴᠢ ᠪᠤᠯᠪᠠ᠃ ᠪᠦᠷᠢᠳᠬᠡᠯ ᠢ ᠦᠨᠳᠦᠰᠦᠯᠡᠪᠡᠯ᠂ ᠤᠯᠠᠭᠠᠨᠮᠦ᠋ᠴᠢᠷ ᠤᠨ ᠬᠢᠨ ᠦᠨᠳᠦᠰᠦᠨ ᠱᠠᠳᠤᠨ ᠳᠤ ᠪᠠᠭᠤᠵᠤ ᠠᠷᠠᠳ ᠲᠤ ᠠᠰᠢᠭ ᠬᠦᠷᠳᠡᠭᠡᠬᠦ ᠲᠤᠭᠯᠠᠯᠳᠠ ᠶᠢ ᠵᠢᠯ ᠪᠦᠷᠢ 100 ᠭᠠᠷᠤᠢ ᠲᠠᠯᠠᠪᠤᠷ ︵ᠤᠳᠠᠭ᠎ᠠ︶ ᠭᠠᠷᠭᠠᠵᠦ᠂ ᠠᠷᠠᠳ ᠤᠯᠠᠨ ᠬᠠᠮᠢᠭ᠎ᠠ ᠪᠠᠶᠢᠪᠡᠯ ᠤᠯᠠᠭᠠᠨᠮᠦ᠋ᠴᠢᠷ ᠤᠨ ᠬᠡᠰᠢᠭᠦᠳ ᠲᠡᠨᠳᠡ ᠦᠨᠳᠦᠰᠦᠯᠡᠨ᠂ ᠠᠷᠠᠳ ᠤᠯᠠᠨ ᠤ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠬᠰᠠᠭᠠᠷ ᠢᠷᠡᠵᠠᠢ᠃       ᠤᠯᠠᠭᠠᠨᠮᠦ᠋ᠴᠢᠷ ᠤᠨ ᠭᠡᠰᠢᠬᠦᠳ ᠤᠳᠤ ᠨᠢᠭᠡ ᠳᠤ ᠴᠠᠭᠠᠷᠠᠵᠦ ᠤᠯᠠᠨ ᠳᠤ ᠮᠡᠷᠭᠡᠰᠢᠨ᠂ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠶᠢ ᠦᠨᠡᠡᠬᠦ ᠬᠠᠩᠭᠠᠵᠦ ᠴᠢᠳᠠᠪᠠ᠃ ᠲᠡᠳᠡ ᠵᠢᠯ ᠲᠤᠷᠰᠢ ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ ᠪᠠᠷ ᠲᠤᠬᠯᠠᠯᠳᠠ ᠭᠠᠷᠭᠠᠨ᠂ ︽ᠤᠯᠠᠭᠠᠨᠮᠦ᠋ᠴᠢᠷ ᠤᠨ ᠵᠤᠷᠢᠬ ᠰᠠᠨᠠᠭ᠎ᠠ︾ ᠶᠢ ᠪᠠᠳᠠᠷᠠᠭᠤᠯᠵᠦ᠂ ᠤᠷᠠᠨ ᠲᠤᠬᠢᠯᠢᠭ ᠪᠦᠵᠢᠭ ᠪᠠ ᠤᠶᠠᠩᠭᠠᠲᠦ ᠰᠠᠶᠢᠬᠠᠨ ᠲᠠᠭᠤᠤ ᠪᠠᠷ ᠢᠶᠠᠨ ᠤᠯᠠᠨ ᠲᠦᠮᠡᠨ ᠢᠶᠠᠨ ᠪᠠᠶᠠᠰᠬᠠᠵᠦ ᠶᠠᠪᠤᠳᠠᠭ᠃ ︽ᠠᠷᠡᠳ ᠲᠦᠮᠡᠨ ᠬᠠᠮᠢᠭ᠎ᠠ ᠪᠠᠶᠢᠪᠠᠯ ᠮᠠᠨ ᠤ ᠤᠯᠠᠭᠠᠨᠮᠦ᠋ᠴᠢᠷ ᠤᠨ ᠭᠡᠰᠢᠭᠦᠳ ᠲᠡᠨᠳᠡ ᠪᠠᠶᠢᠨ᠎ᠠ᠂ ᠠᠷᠡᠳ ᠲᠦᠮᠡᠨ ᠶᠠᠭᠤ ᠰᠤᠨᠢᠷᠬᠠᠬᠤ ᠲᠤᠷᠠᠳᠠᠢ ᠪᠤᠯ ᠪᠢᠳᠡ ᠲᠡᠳᠡᠨ ᠳᠤ ᠲᠠᠭᠠᠰᠢᠶᠠᠬᠳᠠᠬᠰᠠᠨ ᠲᠤᠬᠯᠠᠯᠲᠠ ᠶᠢ ᠪᠡᠯᠡᠳᠭᠡᠵᠦ᠂ ᠨᠢᠭᠡ ᠰᠡᠳᠬᠢᠯ ᠨᠢᠬᠡ ᠵᠤᠷᠢᠭ ᠢᠶᠠᠷ ᠠᠷᠠᠳ ᠲᠦᠮᠡᠨ ᠳᠤ ᠪᠠᠨ ᠦᠢᠯᠡᠴᠢᠯᠡᠨ᠎ᠠ︾ ᠭᠡᠵᠦ ᠷᠠᠰᠢᠶᠠᠨ ᠬᠤᠲᠠ ᠶᠢᠨ ᠤᠯᠠᠭᠠᠨᠮᠥ᠋ᠴᠢᠷ ᠤᠨ ᠳᠠᠷᠤᠭ᠎ᠠ ᠵᠣᠣ ᠮᠢᠩ ᠮᠢᠩ ᠶᠠᠷᠢᠵᠦ ᠪᠠᠶᠢᠯ᠎ᠠ᠃       ᠤᠯᠠᠨ ᠲᠦᠮᠡᠨ ᠲᠠᠢ ᠤᠢᠢᠷᠠᠳᠤᠭᠰᠠᠨ ᠰᠢᠯᠢᠳᠡᠭ ᠪᠦᠳᠦᠬᠡᠯ ᠢ ᠨᠡᠩ ᠤᠯᠠᠨ ᠵᠤᠬᠢᠶᠠᠨ ᠪᠦᠳᠦᠭᠡᠬᠦ ᠶᠢᠨ ᠲᠦᠯᠦᠬᠡ᠂ ᠡᠯ᠎ᠠ ᠱᠠᠳᠤᠨ ᠤ ᠤᠯᠠᠭᠠᠨᠮᠦᠴᠢᠷ ᠤᠨ ᠲᠤᠭᠯᠠᠭᠴᠢᠳ ᠮᠠᠯᠵᠢᠬᠤ ᠲᠠᠷᠢᠶᠠᠯᠠᠬᠤ ᠤᠷᠤᠨ ᠢᠶᠠᠷ ᠬᠦᠨᠵᠡᠭᠡᠶᠢᠷᠡᠵᠦ᠂ ᠲᠤᠬᠠᠶ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠢᠶᠠᠷ ᠰᠡᠳᠦᠪᠯᠡᠭᠰᠡᠨ ︽ᠠᠮᠲᠠ ᠰᠢᠮᠲᠡ︾ ᠲᠠᠢ᠂ ᠤᠯᠠᠨ ᠶᠠᠩᠵᠤᠳᠤ ᠴᠢᠨᠠᠷᠲᠠᠢ᠂ ᠠᠮᠢᠳᠤ ᠴᠣᠪᠣᠭᠤᠯᠢᠭ᠂ ᠭᠠᠵᠠᠷ ᠤᠷᠤᠨ ᠪᠠ ᠴᠠᠭ ᠦᠶ᠎ᠠ ᠶᠢᠨ ᠤᠨᠴᠠᠯᠢᠭ ᠲᠠᠢ ᠤᠳᠭ᠎ᠠ ᠤᠷᠠᠯᠢᠭ ᠤᠨ ᠰᠢᠯᠢᠳᠡᠭ ᠪᠦᠳᠦᠭᠡᠯ ᠢ ᠵᠣᠬᠢᠶᠠᠨ ᠪᠦᠳᠦᠭᠡᠵᠦ᠂ ᠮᠠᠯᠴᠢᠨ ᠲᠠᠷᠢᠶᠠᠴᠢᠳ ᠤᠨ ᠢᠳᠡᠭᠡᠯ ᠬᠦᠷᠢᠶᠡᠯᠡᠯ ᠢ ᠤᠯᠪᠠ᠃ ᠤᠨᠴᠠᠭᠠᠶᠢᠯᠠᠨ ᠰᠤᠳᠤᠨ ᠪᠦᠳᠦᠭᠡᠯ ︽ᠮᠠᠭᠲᠠᠭᠠᠯ ᠳᠠᠭᠤᠤ︾ ︽ᠬᠦᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠣᠷᠣᠨ ᠪᠦᠰᠡ ᠶᠢᠨ ᠢᠯᠡ ᠲᠣᠳᠣ ᠣᠨᠴᠠᠯᠢᠭ ᠲᠠᠢ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠲᠠᠢ ᠲᠠᠭᠤᠯᠠᠯᠳᠤ ᠵᠦᠴᠦᠭᠡ ᠶᠢ ᠵᠤᠬᠢᠶᠠᠨ ᠪᠦᠳᠦᠬᠡᠵᠦ᠂ ᠴᠠᠭ ᠦᠶ᠎ᠠ ᠶᠢᠨ ᠬᠦᠭ ᠠᠶᠠᠰ ᠢ ᠴᠢᠪᠬᠠᠳᠠᠨ᠂ ᠠᠭᠤᠤ ᠨᠠᠮ ᠡᠬᠡ ᠤᠷᠤᠨ ᠢᠶᠠᠨ ᠮᠠᠬᠳᠠᠨ ᠲᠠᠭᠤᠯᠠᠵᠦ᠂ ᠠᠷᠠᠳ ᠤᠯᠠᠨ ᠤ ᠪᠠᠨ ᠲᠠᠶᠢᠴᠢᠨ ᠬᠠᠨᠢ ᠪᠤᠯᠵᠦ ᠶᠠᠪᠤᠯ᠎ᠠ᠃ ︽ᠪᠢᠳᠡ ᠵᠤᠬᠢᠶᠠᠨ ᠪᠦᠳᠦᠭᠡᠯᠭᠡ ᠳᠡᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠭᠤᠰᠬᠠᠵᠦ᠂ ᠬᠢᠩᠭᠠᠨ ᠠᠶᠢᠮᠠᠭ ᠤᠨ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠦᠨᠳᠦᠰᠦᠨ ᠱᠠᠳᠤᠨ ᠳᠤ ᠬᠦᠨᠵᠡᠭᠡᠶᠢᠷᠡᠨ᠂ ᠤᠯᠠᠨ ᠲᠦᠮᠡᠨ ᠤ ᠲᠤᠮᠳᠠ ᠠᠴᠠ ᠪᠤᠷᠤ ᠮᠠᠲ᠋ᠧᠷᠢᠶᠠᠯ ᠬᠤᠷᠠᠮᠳᠤᠭᠤᠯᠵᠦ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠭᠰᠠᠨ᠂ ᠦᠯᠡᠳᠡᠭᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠣᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ﹀ ᠪᠣᠯᠤᠶ᠎ᠠ︾ ᠭᠡᠵᠦ ᠬᠢᠩᠭᠠᠨ ᠠᠶᠢᠮᠠᠭ ᠤᠨ ᠤᠯᠠᠭᠠᠠᠮᠥ᠋ᠴᠢᠷ ᠤᠨ ᠳᠡᠳ᠋ ᠳᠠᠷᠤᠭ᠎ᠠ ᠡᠤ ᠸᠧᠢ ᠯᠢᠶᠠᠩ ᠶᠠᠷᠢᠬᠰᠠᠨ ᠪᠠᠶᠢᠳᠠᠭ᠃       ᠤᠯᠠᠭᠠᠨᠮᠦ᠋ᠴᠢᠷ ᠤᠨ ᠬᠡᠰᠢᠭᠦᠳ ᠤᠳᠬ᠎ᠠ ᠤᠷᠠᠯᠢᠭ ᠢᠶᠠᠷ ᠤᠮᠠᠷᠠᠲᠦ ᠬᠢᠯᠢ ᠪᠠᠨ ᠴᠢᠮᠡᠵᠦ᠂ ᠤᠷᠠᠨ ᠲᠤᠬᠯᠠᠯᠳᠠ ᠪᠠᠷ ᠠᠷᠠᠳ ᠤᠯᠠᠨ ᠢᠶᠠᠨ ᠪᠠᠶᠠᠰᠬᠠᠨ᠂ ︽ᠮᠠᠨ ᠤ ᠤᠯᠠᠭᠠᠨᠮᠦ᠋ᠴᠢᠷ︾ ᠬᠡᠬᠦ ᠠᠷᠠᠳ ᠤᠯᠠᠨ ᠤ ᠪᠠᠨ ᠬᠠᠯᠠᠭᠤᠨ ᠲᠤᠳᠤᠨᠤᠴᠢᠯᠠᠯ ᠢ ᠤᠶᠤᠨ ᠰᠠᠭᠠᠨᠠᠨ ᠳᠠᠭᠠᠨ ᠲᠡᠭᠡᠵᠢᠯᠡᠵᠦ᠂ ᠬᠦᠭᠡ ᠲᠩᠷᠢ ᠪᠠᠷ ᠬᠥᠰᠢᠭᠡ ᠪᠣᠯᠭᠠᠵᠤ᠂ ᠬᠦᠷᠦᠰᠦᠲᠦ ᠭᠠᠵᠠᠷ ᠢᠶᠠᠷ ᠲᠠᠶᠢᠰᠠ ᠪᠣᠯᠭᠠᠨ᠂ ᠨᠠᠮ ᠤᠨ ᠳᠠᠭᠤᠨ ᠬᠤᠭᠤᠯᠠᠢ ᠪᠠ ᠬᠠᠶᠢᠷ᠎ᠠ ᠬᠠᠯᠠᠮᠵᠢ ᠶᠢ ᠤᠯᠠᠨ ᠲᠦᠮᠡᠨ ᠳᠡᠭᠡᠨ ᠲᠠᠮᠵᠢᠭᠤᠯᠵᠦ᠂ ᠲᠠᠯ᠎ᠠ ᠨᠤᠲᠤᠭ ᠤᠨ ᠥᠨᠢ ᠡᠭᠦᠷᠢᠳᠡ ᠶᠢᠨ ︽ᠬᠤᠪᠢᠰᠬᠠᠯᠲᠤ ᠤᠳᠭ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠬᠡᠬᠦ ᠰᠠᠶᠢᠬᠠᠨ ᠠᠯᠳᠡᠷ ᠢᠶᠠᠨ ᠬᠡᠵᠢᠶᠡᠳᠡ ᠬᠠᠳᠠᠭᠠᠯᠠᠵᠦ ᠶᠠᠪᠤᠨᠠᠮ᠃                                      ᠯᠢᠶᠠᠨ ᠪᠤᠤ  ᠴᠤᠯᠮᠤᠨ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号