ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠵᠤ ᠰᠠᠭᠤᠭᠠᠯᠢ ᠠᠷᠠᠳ ᠤᠨ ᠵᠢᠷᠭᠠᠯᠳᠣ ᠲᠦᠷᠦᠭᠳᠡᠯ ᠢ ᠨᠡᠮᠡᠭᠳᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2024/8/27
       ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ  ᠪᠤᠯᠬᠤ ᠪᠦᠭᠡᠳ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠨᠡ ᠵᠢᠯ᠂ ᠵᠠᠯᠠᠶᠢᠳ ᠬᠤᠰᠢᠭᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ  ᠠᠵᠢᠯ ᠢ ᠦᠷᠭᠦᠯᠵᠢᠯᠡᠨ ᠢᠳᠡᠪᠬᠢᠲᠡᠶ ᠠᠬᠢᠭᠤᠯᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠪᠠ ᠬᠥᠮᠦᠰ ᠤᠨ ᠣᠷᠣᠰᠢᠨ ᠰᠠᠭᠤᠷᠢᠰᠢᠬᠤ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠣᠯᠠᠨ ᠲᠦᠮᠡᠨ ᠤ ᠵᠢᠷᠭᠠᠯᠳᠣ ᠲᠦᠷᠦᠭᠳᠡᠯ ᠢ ᠨᠡᠮᠡᠭᠳᠡᠭᠦᠯᠵᠤ ᠪᠠᠶᠢᠨ᠎ᠠ᠃      ᠢᠦᠶ ᠭᠦᠸᠧ ᠲᠣᠭᠤᠷᠢᠭ ᠪᠣᠯ ᠨᠡᠶᠢᠲᠡᠯᠢᠭ ᠬᠠᠭᠤᠴᠢᠨ ᠰᠠᠭᠤᠭᠠᠯᠢ ᠲᠣᠭᠤᠷᠢᠭ ᠪᠣᠯᠤᠨ᠎ᠠ᠃ ᠡᠨᠡ ᠵᠢᠯ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠢᠨᠵᠧᠨᠧᠷᠢᠩ ᠳᠤ ᠣᠷᠣᠭᠤᠯᠵᠤ᠂ ᠥᠭᠡᠷᠡᠴᠢᠯᠡᠨ ᠰᠢᠨᠡᠳᠭᠡᠬᠦ ᠪᠠᠷ ᠲᠠᠮᠵᠢᠨ ᠬᠠᠭᠤᠴᠢᠨ ᠰᠠᠭᠤᠭᠠᠯᠢ ᠲᠤᠭᠤᠷᠢᠭ ᠨᠢ ᠴᠤ᠋ ᠰᠢᠨ᠎ᠡ ᠲᠦᠷᠢ ᠲᠦᠷᠬᠦ ᠲᠠᠢ ᠪᠤᠯᠵᠠᠢ᠃ ᠤᠳᠤ ᠠᠵᠢᠯᠴᠢᠳ ᠶᠠᠭ ᠰᠠᠶ᠋ᠢᠬᠠᠨ ᠠᠰᠠᠷ ᠤᠨ ᠣᠷᠣᠢ ᠶᠢᠨ ᠥᠩᠭᠡᠲᠦ ᠪᠣᠯᠣᠳ ᠸᠠᠭᠠᠷ ᠢ ᠰᠤᠯᠢᠵᠤ ᠶᠠᠭᠠᠷᠠᠯᠲᠠᠢ ᠠᠵᠢᠯᠯᠠᠨ᠎ᠠ᠃       ᠢᠦᠶ ᠭᠦᠸᠧ ᠲᠣᠭᠤᠷᠢᠭ ᠠᠴᠠ ᠭᠠᠳᠠᠨ᠎ᠠ᠂ ᠪᠠᠰᠠ 15 ᠬᠠᠭᠤᠴᠢᠨ ᠰᠠᠭᠤᠭᠠᠯᠢ ᠲᠤᠭᠤᠷᠢᠭ ᠢ ᠡᠮᠬᠢ ᠵᠢᠷᠤᠮ ᠲᠠᠢ ᠥᠭᠡᠷᠡᠴᠢᠯᠡᠨ ᠰᠢᠨᠡᠳᠭᠡᠵᠤ ᠪᠠᠶᠢᠨ᠎ᠠ᠃ ᠡᠨᠡ ᠵᠢᠯ ᠼᠣᠣ ᠶᠤᠸᠠᠨ ᠲᠣᠭᠤᠷᠢᠭ ᠤᠨ ᠪᠣᠷᠣᠭᠠᠨ ᠤ ᠤᠰᠤ  ᠶᠢ ᠭᠠᠳᠠᠭᠰᠢᠯᠠᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠨᠢ ᠡ᠊ᠨᠳᠡᠬᠢ ᠰᠠᠭᠤᠭᠠᠯᠢ ᠠᠷᠠᠳ ᠤᠨ  ᠮᠠᠭᠲᠠᠭᠠᠯ ᠰᠠᠶᠢᠰᠢᠶᠠᠯ ᠢ ᠶᠡᠬᠡᠳᠡ ᠤᠯᠤᠭᠰᠠᠨ ᠪᠠᠶᠢᠯ᠎ᠠ᠃      2024 ᠣᠨ ᠳᠤ᠂ ᠵᠠᠯᠠᠶᠢᠳ ᠬᠤᠰᠢᠭᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠳᠤ ᠨᠡᠶᠢᠲᠡ 16 ᠰᠠᠭᠤᠭᠠᠯᠢ ᠲᠣᠭᠤᠷᠢᠭ ᠤᠨ 38 ᠰᠠᠭᠤᠷᠢ ᠠᠰᠠᠷ ᠤᠨ 1291 ᠡᠷᠦᠬᠡ ᠰᠠᠭᠤᠭᠠᠯᠢ ᠠᠷᠠᠳ ᠲᠠᠢ ᠬᠤᠯᠪᠣᠭᠳᠠᠵᠤ᠂ ᠥᠭᠡᠷᠡᠴᠢᠯᠡᠨ ᠰᠢᠨᠡᠳᠭᠡᠬᠦ ᠲᠠᠯᠠᠪᠠᠶ ᠨᠢ 14.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠠᠭᠤᠴᠢᠨ ᠰᠠᠭᠤᠭᠠᠯᠢ ᠲᠣᠭᠤᠷᠢᠭ ᠲᠤ ︽ᠰᠢᠨ᠎ᠡ ᠪᠠᠶᠢᠳᠠᠯ︾ ᠲᠠᠢ ᠪᠣᠯᠵᠣ᠂ ᠰᠠᠭᠤᠭᠠᠯᠢ ᠠᠷᠠᠳ ᠤᠨ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃      ︽ᠲᠣᠰ ᠤᠳᠠᠭᠠᠨ ᠤ ᠥᠭᠡᠷᠡᠴᠢᠯᠡᠯᠲᠡ ᠪᠠᠷ ᠳᠡᠮᠵᠢᠨ᠂ ᠰᠠᠭᠤᠭᠠᠯᠢ ᠲᠣᠭᠤᠷᠢᠭ ᠤᠨ ᠮᠠᠰᠢ ᠣᠯᠠᠨ ᠰᠠᠭᠤᠷᠢ ᠲᠥᠬᠦᠭᠡᠷᠦᠮᠵᠢ ᠰᠠᠶᠢᠵᠢᠷᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠨ᠂ ᠰᠠᠭᠤᠭᠠᠯᠢ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠰᠠᠭᠤᠭᠠᠯᠢ ᠠᠷᠠᠳ ᠤᠨ ᠤᠷᠤᠰᠢᠨ ᠰᠠᠭᠤᠷᠢᠰᠢᠬᠤ ᠲᠤᠬᠢᠷᠠᠮᠵᠢᠲᠠᠢ ᠨᠦᠭᠦᠴᠡᠯ ᠢ ᠰᠠᠶᠢᠵᠢᠷᠠᠭᠤᠯᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠣᠯᠠᠨ ᠨᠡᠶᠢᠳᠡ ᠶᠢᠨ ᠠᠵᠢᠯ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠠᠳᠠᠯ ᠠᠬᠤᠢ ᠶᠢᠨ ᠲᠠᠰᠤᠭ ᠤᠨ ᠳᠠᠷᠤᠭ᠎ᠠ ᠭᠤᠣ ᠶᠠᠩ ᠬᠡᠯᠡᠵᠤ ᠪᠠᠶᠢᠯ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号