ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/27
     ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠬᠤ ᠲᠤᠬᠠᠶ ᠰᠠᠨᠠᠯ︾᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠬᠡᠷ ᠤᠨ ᠬᠡᠷᠡᠭᠵᠢᠭᠦᠯᠬᠦ ᠰᠠᠨᠠᠯ︾ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠢᠩᠬᠢᠮ ᠠᠴᠠ ᠲᠠᠷᠬᠠᠭᠠᠭᠰᠠᠨ ﹇2020﹈ 94 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠰᠤᠮᠤ᠂ ᠰᠢᠶᠠᠩ᠂ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ︵ᠲᠣᠰᠬᠤᠨ︶ ᠦᠢᠯᠡᠴᠢᠯᠡᠭᠡᠨ ᠤ ᠲᠣᠤᠷ ᠴᠡᠭ ᠪᠠᠶᠢᠭᠤᠯᠬᠤ ᠶᠢᠨ ᠬᠠᠮᠲᠤ ᠬᠠᠮᠢᠶ᠎ᠠ ᠪᠥᠬᠦᠶ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ ᠡᠳᠦᠭᠡ ᠪᠣᠳᠠᠲᠠᠶ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠭᠤᠯᠭ᠎ᠠ      ︵ᠨᠢᠭᠡ︶ ᠰᠤᠮᠤ᠂ ᠰᠢᠶᠠᠩ᠂ ᠪᠠᠯᠭᠠᠰᠤ᠂ ᠨᠡᠶᠢᠭᠡᠮ ᠲᠣᠭᠤᠷᠢᠭ     1. ᠬᠠᠷᠢᠶ᠎ᠠ ᠣᠷᠣᠨ ᠤ ᠳᠣᠲᠣᠷᠠᠬᠢ ᠬᠥᠳᠡᠯᠮᠦᠷᠢᠴᠢᠳ ᠤᠨ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠲᠣᠳᠣᠷᠬᠠᠶ ᠣᠶᠢᠯᠠᠭᠠᠵᠤ᠂ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ ᠪᠠ ᠠᠵᠢᠯ ᠣᠯᠬᠤ ᠳᠤ ᠬᠦᠴᠢᠷᠲᠡᠶ ᠵᠡᠷᠭᠡ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠵᠦ᠂ ᠬᠠᠷᠢᠶ᠎ᠠ ᠣᠷᠣᠨ ᠤ ᠳᠣᠲᠣᠷᠠᠬᠢ ᠬᠥᠮᠦᠨ ᠬᠡᠷᠡᠭᠯᠡᠬᠦ  ᠪᠠᠶᠢᠭᠤᠯᠭ᠎ᠠ ᠨᠢᠭᠡᠴᠢ ᠶᠢᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ᠃      2. ᠬᠠᠷᠢᠶ᠎ᠠ ᠣᠷᠣᠨ ᠤ ᠳᠣᠲᠣᠷᠠᠬᠢ ᠬᠥᠳᠡᠯᠮᠦᠷᠢᠯᠡᠭᠴᠢ ᠪᠣᠯᠤᠨ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠳᠤ ᠠᠵᠢᠯ ᠣᠯᠤᠭᠰᠠᠨ ᠠᠵᠢᠯ ᠠᠯᠳᠠᠯᠲᠠ ᠶᠢᠨ ᠳᠠᠩᠰᠠᠯᠠᠯ᠂ ᠠᠵᠢᠯ ᠡᠷᠢᠵᠦ ᠡᠯᠰᠡᠬᠦ ᠳᠠᠩᠰᠠᠯᠠᠯ᠂ ᠠᠵᠢᠯ ᠣᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠠᠵᠢᠯ ᠣᠯᠬᠤ ᠳᠤ ᠲᠡᠳᠬᠦᠬᠦ ᠲᠥᠷᠥ ᠶᠢᠨ ᠪᠣᠳᠣᠯᠭ᠎ᠠ ᠭᠤᠶᠤᠴᠢᠯᠠᠨ ᠬᠦᠷᠲᠡᠬᠦ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃      3. ᠠᠵᠢᠯ ᠣᠯᠭᠤᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠤᠨ ᠴᠠᠯᠢᠩ ᠤᠨ ᠵᠢᠯᠣᠭᠤᠳᠬᠤ ᠦᠨ᠎ᠡ ᠬᠠᠩᠰᠢ᠂ ᠤᠷᠢᠬᠤ ᠠᠵᠢᠯ ᠤᠨ ᠪᠠᠶᠢᠷᠢ᠂ ᠡᠷᠬᠢᠯᠡᠭᠰᠡᠨ ᠠᠵᠢᠯ ᠤᠨ ᠪᠣᠯᠪᠠᠰᠤᠷᠠᠯ᠂ ᠠᠵᠢᠯ ᠣᠯᠭᠤᠬᠤ ᠳᠠᠳᠤᠯᠭ᠎ᠠ ᠪᠣᠯᠪᠠᠰᠤᠷᠠᠯ᠂ ᠦᠢᠯᠡᠰ ᠪᠤᠰᠬᠠᠬᠤ ᠪᠣᠯᠪᠠᠰᠤᠷᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃      4. ᠬᠠᠷᠢᠶ᠎ᠠ ᠣᠷᠣᠨ ᠤ ᠳᠣᠲᠣᠷᠠᠬᠢ ᠭᠤᠤᠯᠳᠠᠯᠭ᠎ᠠ ᠲᠠᠢ ᠬᠥᠮᠦᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠠᠵᠢᠯᠲᠠᠨ ᠡᠯᠰᠡᠬᠦ ᠠᠵᠢᠯᠯᠠᠭ᠎ᠠ᠂ ᠮᠡᠷᠭᠡᠵᠢᠯ ᠤᠨ ᠪᠣᠯᠪᠠᠰᠤᠷᠠᠯ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠳᠤ ᠬᠠᠨᠳᠤᠭᠤᠯᠤᠨ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠦᠨ᠎ᠡ᠃      ︵ᠬᠤᠶᠠᠷ︶ ᠭᠠᠴᠠᠭ᠎ᠠ᠂ ᠲᠤᠰᠬᠤᠨ      1. ᠲᠤᠰ ᠭᠠᠴᠠᠭ᠎ᠠ ᠲᠣᠰᠬᠤᠨ ᠤ ᠭᠠᠳᠠᠭᠰᠢ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠠᠵᠢᠯ ᠤᠨ ᠮᠠᠲ᠋ᠧᠷᠢᠶᠠᠯ ᠴᠤᠭᠯᠠᠭᠤᠯᠬᠤ ᠶᠢ ᠬᠠᠷᠢᠭᠤᠴᠠᠵᠤ᠂ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠳᠠᠯ ᠪᠠ ᠭᠠᠳᠠᠭᠰᠢ ᠰᠢᠯᠵᠢᠭᠦᠯᠦᠨ ᠠᠵᠢᠯ ᠣᠯᠭᠤᠭᠰᠠᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠭᠠᠳᠠᠭᠰᠢ ᠰᠢᠯᠵᠢᠭᠦᠯᠦᠨ ᠠᠵᠢᠯ ᠣᠯᠭᠤᠭᠰᠠᠨ ᠪᠠᠶᠢᠳᠠᠯ᠂ ᠠᠵᠢᠯ ᠡᠷᠬᠢᠯᠡᠵᠦ ᠪᠠᠶᠢᠭ᠎ᠠ ᠠᠵᠢᠯ ᠲᠥᠷᠥᠯ ᠂ ᠠᠵᠢᠯ ᠬᠢᠵᠦ ᠪᠠᠶᠢᠭ᠎ᠠ ᠬᠥᠮᠦᠨ ᠤ ᠲᠤᠭ᠎ᠠ ᠵᠡᠷᠭᠡ ᠶᠢ ᠭᠠᠳᠠᠭᠰᠢ ᠰᠢᠯᠵᠢᠭᠦᠯᠬᠦ ᠶᠢᠨ ᠬᠠᠮᠲᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠤ ᠬᠠᠷᠢᠯᠴᠠᠬᠤ ᠠᠵᠢᠯ ᠢ ᠰᠠᠶᠢᠲᠤᠷ ᠬᠢᠨ᠎ᠡ︔ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠪᠠ ᠭᠠᠳᠠᠭᠰᠢ ᠰᠢᠯᠵᠢᠭᠦᠯᠦᠨ ᠠᠵᠢᠯ ᠣᠯᠭᠤᠬᠤ ᠠᠵᠢᠯ ᠤᠨ ᠡᠯ᠎ᠡ ᠵᠦᠢᠯ ᠤᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ ᠡᠭᠦᠨ ᠤ ᠬᠠᠮᠲᠤ᠂ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠣᠷᠣᠭᠤᠯᠬᠤ᠂ ᠰᠢᠨᠡᠳᠬᠡᠬᠦ᠂ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃      2. ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠳᠡᠯᠮᠦᠷᠢ ᠬᠦᠴᠦᠨ ᠬᠡᠷᠡᠭᠯᠡᠬᠦ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ᠂ ᠠᠵᠢᠯ ᠣᠯᠵᠤ ᠦᠢᠯᠡᠰ ᠪᠤᠰᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠪᠤᠯᠤᠨ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠪᠣᠯᠤᠨ ᠠᠵᠢᠯ ᠡᠷᠢᠬᠦ ᠳᠠᠩᠰᠠᠯᠠᠯ ᠬᠠᠩᠭᠠᠵᠤ᠂ ᠠᠵᠢᠯ ᠣᠯᠭᠤᠬᠤ ᠵᠢᠯᠣᠭᠤᠳᠣᠯᠭ᠎ᠠ ᠥᠷᠨᠢᠭᠦᠯᠦᠨ᠎ᠡ᠃      3. ᠬᠤᠰᠢᠭᠤ ᠰᠢᠶᠠᠨ ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠢ ᠪᠣᠯᠪᠠᠰᠤᠷᠠᠭᠤᠯᠬᠤ ᠬᠦᠰᠡᠯ ᠡᠷᠡᠮᠡᠯᠵᠡᠯ ᠢᠶᠠᠨ ᠮᠡᠳᠡᠭᠦᠯᠦᠨ ᠬᠦᠷᠭᠡᠬᠦ ᠶᠢ ᠬᠠᠷᠢᠭᠤᠴᠠᠬᠤ ᠶᠢᠨ ᠬᠠᠮᠲᠤ᠂ ᠪᠣᠯᠪᠠᠰᠤᠷᠠᠭᠤᠯᠬᠤ ᠬᠦᠰᠡᠯ ᠡᠷᠡᠮᠡᠯᠵᠡᠯ ᠲᠠᠢ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠤᠨ᠎ᠠ᠃     4. ᠬᠤᠰᠢᠭᠤ ᠰᠢᠶᠠᠨ ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠬᠠᠮᠵᠢᠨ ᠲᠤᠰ ᠭᠠᠴᠠᠭ᠎ᠠ ᠲᠣᠰᠬᠤᠨ ᠤ ᠠᠵᠢᠯ ᠣᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠲᠤᠰᠠᠯᠠᠮᠵᠢ ᠦᠵᠡᠭᠦᠯᠵᠦ᠂ ᠭᠡᠷ ᠲᠤᠨᠢ ᠬᠦᠷᠴᠦ ᠮᠡᠳᠡᠭᠡ ᠵᠠᠩᠭᠢ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ᠂ ᠠᠵᠢᠯ ᠤᠨ ᠪᠠᠶᠢᠷᠢ ᠬᠦᠷᠭᠡᠬᠦ ᠵᠡᠷᠭᠡ ᠦᠢᠯᠡᠴᠢᠯᠡᠭᠡᠨ ᠤ ᠠᠵᠢᠯ ᠢ ᠥᠷᠨᠢᠭᠦᠯᠬᠦ ᠶᠢᠨ ᠬᠠᠮᠲᠤ ᠮᠥᠷᠳᠡᠨ ᠦᠢᠯᠡᠴᠢᠯᠡᠨ᠎ᠡ᠃      5. ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠨ ᠤ ᠬᠦᠴᠦᠨ ᠤ ᠡᠬᠢ ᠪᠠᠶᠠᠯᠢᠭ  ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠨᠠᠰᠤᠵᠢᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠪᠠ ᠭᠠᠳᠠᠭᠰᠢ ᠰᠢᠯᠵᠢᠭᠦᠯᠦᠨ ᠠᠵᠢᠯ ᠤᠯᠭᠤᠬᠤ ᠵᠡᠷᠭᠡ ᠠᠵᠢᠯ ᠤᠨ ᠦᠢᠯᠡᠴᠢᠯᠡᠭᠡ ᠬᠠᠩᠭᠠᠨ᠎ᠠ᠃      ᠬᠤᠶᠠᠷ᠂ ᠠᠵᠢᠯ ᠤᠨ ᠱᠠᠭᠠᠷᠳᠠᠯᠭ᠎ᠠ      1. ᠡᠯ᠎ᠡ ᠰᠤᠮᠤ᠂ ᠰᠢᠶᠠᠩ᠂ ᠪᠠᠯᠭᠠᠰᠤ᠂ ᠨᠡᠶᠢᠭᠡᠮ ᠲᠣᠭᠤᠷᠢᠭ ᠲᠤ ᠠᠵᠢᠯ ᠣᠯᠭᠤᠬᠤ ᠦᠢᠯᠡᠴᠢᠯᠡᠭᠡᠨ ᠤ ᠲᠣᠣᠷ ᠴᠡᠭ ᠪᠤᠶᠤ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠲᠤᠰᠬᠠᠢ ᠠᠵᠢᠯᠲᠠᠨ ᠲᠣᠬᠢᠷᠠᠭᠤᠯᠤᠨ᠂ ᠠᠯᠪᠠᠯᠠᠬᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠠᠵᠢᠯ ᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠪ ᠤᠨ ᠪᠠᠶᠢᠳᠠᠯ ᠢᠶᠠᠷ ᠥᠷᠨᠢᠭᠦᠯᠬᠦ ᠶᠢ ᠪᠠᠲᠤᠯᠠᠨ᠎ᠠ᠃      2. ᠡᠯ᠎ᠡ ᠭᠠᠴᠠᠭ᠎ᠠ᠂ ᠲᠣᠰᠬᠤᠨ ᠠᠴᠠ ᠨᠢᠭᠡ ᠲᠤᠰᠬᠠᠶ ᠲᠤᠰᠢᠶᠠᠯᠲᠤ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ ᠶᠢ ᠰᠣᠩᠭᠤᠨ ᠤᠷᠢᠵᠤ ᠬᠠᠷᠢᠶ᠎ᠠ ᠣᠷᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠭᠤᠯᠤᠨ᠎ᠠ᠃      3. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠢᠵᠦ᠂ ᠦᠨᠳᠦᠰᠦᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠨ᠎ᠠ᠃                              2024 ᠣᠨ ᠤ 8 ᠰᠠᠷ᠎ᠠ ᠶᠢᠨ 4 ᠤ ᠡᠳᠦᠷ
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号