ᠬᠢᠨᠭ᠍ᠭᠠᠨ ᠠᠶᠢᠮᠠᠭ ᠲᠤ ᠰᠤᠨᠢᠨ ᠤ ᠮᠦᠽᠸᠢ ᠪᠠᠶᠢᠭᠤᠯᠤᠬᠲᠠᠮᠠᠷ ᠪᠠᠶᠢᠨ᠎ᠠ
ᠨᠡᠶᠢᠲᠡᠯᠡᠭᠰᠡᠨ ᠴᠠᠭ᠄
2024/8/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠬᠢᠩᠭᠠᠨ ᠠᠶᠢᠮᠠᠭ ᠲᠤ ᠠᠩᠬ᠎ᠠ ᠪᠠᠶᠢᠭᠤᠯᠤᠬᠳᠠᠵᠦ᠂ ᠮᠠᠰᠢ ᠤᠯᠠᠨ ᠬᠤᠪᠢᠰᠬᠠᠯ ᠤᠨ ᠬᠠᠭᠤᠴᠢᠨ ᠪᠠᠭᠤᠷᠢ ᠶᠢ ᠦᠯᠡᠳᠡᠭᠡᠭᠰᠡᠨ ᠶᠤᠮ᠃ ᠡᠭᠦᠨ ᠳᠤ ᠲᠤᠷᠠᠲᠤᠭᠤᠰᠢᠲᠠᠢ ᠨᠢᠬᠡᠨ ᠪᠠᠭᠤᠷᠢ ᠪᠤᠯ ᠲᠠᠷᠤᠢ ᠬᠢᠩᠭᠠᠨ ᠠᠶᠢᠮᠠᠭ ᠤᠨ ᠬᠢᠩᠭᠠᠨ ᠬᠤᠶᠢᠲᠤ ᠵᠠᠮ ᠳᠤ ᠪᠠᠶᠢᠷᠢᠯᠠᠭ᠎ᠠ ︽ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠭᠤᠴᠢᠨ ᠪᠠᠭᠤᠷᠢ︾ ᠪᠤᠯᠤᠨ᠎ᠠ᠃ ᠲᠤᠰ ᠪᠠᠭᠤᠷᠢ ᠨᠢ 2006 ᠣᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠪᠦᠷᠢᠳᠬᠡᠬᠦᠯᠪᠡ᠃     2021 ᠣᠨ ᠤ 9 ᠰᠠᠷ᠎ᠠ ᠳᠤ᠂ ᠬᠢᠩᠭᠠᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠶᠢᠨ ᠬᠢᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠭᠤᠴᠢᠨ ᠪᠠᠭᠤᠷᠢ ᠶᠢᠨ ᠬᠡᠷᠡᠮ ᠨᠢ ᠤᠨᠠᠵᠤ᠂ ᠡᠭᠦᠳᠡ ᠴᠤᠩᠬᠤ ᠨᠢ ᠡᠪᠳᠡᠷᠡᠵᠦ᠂ ︽ᠭᠤᠷᠪᠠ ᠶᠢ ᠰᠡᠷᠭᠡᠶᠢᠯᠡᠬᠦ︾ ︵ᠭᠠᠯ ᠤᠨᠲᠠᠷᠠᠭᠠᠬᠤ᠂ ᠠᠶᠤᠩᠭ᠎ᠠ ᠠᠴᠠ ᠰᠡᠷᠭᠡᠶᠢᠯᠡᠬᠦ᠂ ᠠᠮᠤᠷ ᠲᠦᠪᠰᠢᠨ ᠤ ᠰᠡᠷᠭᠡᠶᠢᠯᠡᠯᠲᠡ︶ ᠠᠷᠭ᠎ᠠ ᠬᠡᠮᠵᠢᠶ᠎ᠡ ᠨᠢ ᠪᠣᠳᠠᠲᠠᠶᠢᠵᠢᠭᠰᠠᠨ ᠦᠭᠡᠢ᠂ ᠥᠮᠴᠢᠯᠡᠯ ᠤᠨ ᠡᠷᠬᠡ ᠶᠢᠨ ᠬᠠᠷᠢᠶᠠᠯᠠᠯ ᠨᠢ ᠪᠤᠳᠤᠯᠢᠶᠠᠨᠲᠠᠢ ᠪᠠᠶᠢᠬᠤ ᠵᠡᠷᠬᠡ ᠠᠰᠠᠭᠤᠳᠡᠯ ᠤᠷᠤᠰᠢᠵᠦ ᠪᠠᠶᠢᠬᠤ ᠶᠢ ᠣᠯᠵᠤ ᠮᠠᠲᠠᠵᠠᠢ᠃ ᠡᠶᠢᠨᠬᠦ ᠬᠢᠩᠭᠠᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠠᠴᠠ ᠬᠡᠷᠡᠭ ᠪᠣᠯᠭᠠᠨ ᠳᠡᠩᠰᠡᠯᠡᠵᠦ ᠪᠠᠶᠢᠴᠠᠭᠠᠬᠤ ᠪᠠᠷ ᠲᠣᠭᠲᠠᠪᠠ᠃      2022 ᠣᠨ ᠤ 3 ᠰᠠᠷ᠎ᠠ ᠳᠤ᠂ ᠬᠢᠩᠭᠠᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠶᠢᠨ ᠬᠢᠨ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠵᠥᠪᠳᠡᠯᠴᠡᠬᠦ ᠬᠤᠷᠠᠯ ᠬᠢᠭᠰᠡᠨ ᠪᠥᠭᠡᠳ ᠪᠠᠶᠢᠴᠠᠭᠠᠬᠤ ᠰᠠᠨᠠᠭᠤᠯᠭ᠎ᠠ ᠪᠠᠨ ᠲᠤᠷᠠᠳᠴᠤ᠂ ᠬᠠᠭᠤᠴᠢᠨ ᠪᠠᠭᠤᠷᠢ ᠶᠢᠨ ᠭᠤᠣᠯ ᠴᠣᠭᠴᠠ ᠶᠢ ᠰᠡᠯᠪᠢᠨ ᠵᠠᠰᠠᠬᠤ ᠠᠵᠢᠯ ᠢ ᠡᠬᠢᠯᠡᠭᠦᠯᠵᠦ᠂ ︽ᠭᠤᠷᠪᠠ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠲᠡᠰ ᠳᠡᠪᠰᠢᠭᠦᠯᠵᠦ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠰᠠᠨᠠᠭᠤᠯᠪᠠ᠃ ᠪᠠᠶᠢᠴᠠᠭᠠᠬᠤ ᠰᠠᠨᠠᠭᠤᠯᠭ᠎ᠠ ᠶᠢ ᠣᠯᠣᠭᠰᠠᠨ ᠤ ᠳᠠᠷᠠᠭ᠎ᠠ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠭᠤᠴᠢᠨ ᠪᠠᠭᠤᠷᠢ ᠶᠢᠨ ᠡᠷᠬᠢᠨ ᠲᠣᠭᠤᠷᠢᠨ ᠢ ᠦᠬᠡᠷᠡᠴᠢᠯᠡᠨ ᠰᠢᠨᠡᠳᠬᠡᠭᠰᠡᠨ ᠪᠥᠭᠡᠳ 2023 ᠣᠨ ᠤ 4 ᠰᠠᠷ᠎ᠠ ᠳᠤ ᠬᠠᠭᠤᠴᠢᠨ ᠪᠠᠭᠤᠷᠢ ᠶᠢᠨ ᠭᠤᠣᠯ ᠴᠣᠭᠴᠠ ᠶᠢ ᠰᠡᠯᠪᠢᠨ ᠵᠠᠰᠠᠬᠤ ᠪᠠ ︽ᠭᠤᠷᠪᠠ ᠶᠢ ᠰᠡᠷᠭᠡᠶᠢᠯᠡᠬᠦ︾ ᠶᠢ ᠲᠡᠰ ᠲᠡᠪᠰᠢᠬᠦᠯᠬᠦ ᠢᠨᠵᠧᠨᠧᠷᠢᠩ ᠢ ᠡᠬᠢᠯᠡᠭᠦᠯᠬᠦ ᠪᠠᠷ ᠠᠮᠠᠯᠠᠵᠠᠢ᠃     ᠬᠢᠩᠭᠠᠨ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠦᠷᠭᠦᠯᠵᠢᠯᠡᠨ ᠬᠢᠨᠠᠯᠲᠠ ᠲᠠᠯᠪᠢᠵᠤ᠂ ᠰᠡᠯᠪᠢᠨ ᠵᠠᠰᠠᠬᠤ ᠲᠤᠰᠬᠠᠢ ᠪᠡᠯᠡ ᠮᠥᠩᠭᠦ ᠶᠢ ᠲᠠᠬᠢᠨ ᠰᠢᠯᠵᠢᠭᠦᠯᠦᠨ ᠥᠭᠬᠦ ᠶᠢ ᠠᠬᠢᠭᠤᠯᠤᠭᠰᠠᠨ ᠪᠥᠭᠡᠳ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠥᠪᠥᠷ ᠮᠣᠩᠭᠤᠯ ᠤᠨ ᠡᠳᠤᠷ ᠤᠨ ᠰᠣᠨᠢᠨ ᠤ ᠬᠠᠭᠤᠴᠢᠨ ᠪᠠᠭᠤᠷᠢ ᠶᠢ ︽ᠥᠪᠥᠷ ᠮᠣᠩᠭᠤᠯ ᠤᠨ ᠰᠣᠨᠢᠨ ᠤ ᠦᠢᠯᠡᠰ ᠤᠨ ᠮᠦᠽᠧᠢ︾ ᠪᠣᠯᠭᠠᠨ ᠪᠠᠶᠢᠭᠤᠯᠬᠤ ᠶᠢ ᠰᠠᠨᠠᠭᠤᠯᠪᠠ᠃ ᠣᠲᠤᠬᠠᠨ ᠪᠣᠯᠲᠠᠯ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠭᠤᠴᠢᠨ ᠪᠠᠭᠤᠷᠢ ᠶᠢᠨ ᠭᠤᠣᠯ ᠴᠣᠭᠴᠠ ᠶᠢᠨ ᠰᠡᠯᠪᠢᠨ ᠵᠠᠰᠠᠬᠤ ᠢᠨᠵᠧᠨᠧᠷᠢᠩ ᠤᠨ 80% ᠶᠢ ᠨᠢᠭᠡᠨᠲᠡ ᠪᠡᠶᠡᠯᠡᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠦᠢᠯᠪᠤᠷᠢᠲᠠᠢ ᠦᠬᠡᠷᠡᠴᠢᠯᠡᠨ ᠰᠠᠶᠢᠵᠢᠷᠠᠭᠤᠯᠵᠦ᠂ ︽ᠥᠪᠥᠷ ᠮᠣᠩᠭᠤᠯ ᠤᠨ ᠰᠣᠨᠢᠨ ᠤ ᠦᠢᠯᠡᠰ ᠤᠨ ᠮᠦᠽᠧᠢ︾ ᠤᠳᠠᠯ ᠦᠬᠡᠢ ᠡᠬᠦᠳ᠋ᠨ ᠪᠠᠨ ᠨᠡᠬᠡᠬᠡᠵᠦ ᠡᠷᠦᠬᠡ ᠪᠠᠨ ᠰᠡᠬᠦᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号