ᠦᠰᠦᠭ ᠪᠢᠴᠢᠭ ᠢᠶᠠᠷ ᠦᠭᠦᠯᠡᠭᠦᠢ᠄ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/8/29
    ᠨᠢᠭᠡ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢᠨ ᠵᠣᠷᠢᠯᠭ᠎ᠠ ᠨᠢ ᠶᠠᠭᠤ ᠪᠣᠶ︖     ᠬᠠᠷᠢᠭᠤᠯᠲᠠ᠄ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠪᠣᠯ ᠠᠵᠢᠯ ᠣᠯᠭᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠬᠦ ᠴᠢᠬᠤᠯᠠ ᠠᠷᠭ᠎ᠠ ᠪᠠᠷᠢᠯ ᠮᠥᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ᠂ ᠪᠣᠯᠤᠮᠵᠢᠲᠤ ᠴᠢᠨᠠᠷ ᠢ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠲᠤᠬᠠᠶᠢᠯᠠᠭᠰᠠᠨ ᠠᠵᠢᠯ ᠢᠶᠠᠨ ᠬᠤᠯᠪᠣᠯᠳᠤᠭᠤᠯᠤᠭᠰᠠᠨ᠂ ᠲᠤᠭ᠎ᠠ ᠪᠠᠷᠢᠮᠲᠠ ᠶᠢ ᠠᠭᠤᠰᠤᠯᠴᠠᠭᠤᠯᠤᠭᠰᠠᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠶᠢᠴᠡ ᠪᠣᠯᠭᠠᠨ᠎ᠠ᠃     ᠬᠤᠶᠠᠷ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠨᠢ ᠶᠠᠭᠤ ᠪᠣᠶ︖     ᠬᠠᠷᠢᠭᠤᠯᠲᠠ᠄ ᠨᠢᠭᠡ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ︔ ᠬᠤᠶᠠᠷ ᠲᠤ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠢᠩᠭᠢᠮ ᠠᠴᠠ ﹇2020﹈ 94 ᠳ᠋ᠦ᠋ᠭᠡᠷ ᠲᠣᠭᠠᠲᠤ︶ ᠳᠠᠷᠤᠮᠠᠯᠯᠠᠨ ᠲᠠᠷᠬᠠᠭᠠᠪᠠ︔ ᠭᠤᠷᠪᠠ ᠳᠤ᠂ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠲᠠᠮᠵᠢᠭᠤᠯᠤᠨ ᠲᠠᠷᠬᠠᠭᠠᠬᠤ ᠮᠡᠳᠡᠭᠳᠡᠯ ︵ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠠᠴᠠ ﹇2020﹈ 105 ᠳ᠋ᠤᠭᠠᠷ ᠲᠣᠭᠠᠲᠤ︶ ᠳᠠᠷᠤᠮᠠᠯᠯᠠᠨ ᠲᠠᠷᠬᠠᠭᠠᠪᠠ᠃      ᠭᠤᠷᠪᠠ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠬᠦᠯᠬᠦ ᠠᠵᠢᠯ ᠤᠨ ᠲᠣᠬᠢᠷᠠᠬᠤ ᠬᠡᠪᠴᠢᠶ᠎ᠡ ᠨᠢ ᠶᠠᠭᠤ ᠪᠣᠢ︖      ᠬᠠᠷᠢᠭᠤᠯᠲᠠ᠄ ᠵᠠᠯᠠᠶᠢᠳ ᠬᠤᠰᠢᠭᠤᠨ ᠤ ᠬᠠᠷᠢᠶᠠᠨ ᠳᠠᠬᠢ ᠰᠤᠮᠤ᠂ ᠰᠢᠶᠠᠩ ᠪᠠᠯᠭᠠᠰᠤ᠂ ᠡᠭᠦᠯᠳᠡᠷ ᠤᠨ ᠮᠠᠯ ᠦᠷᠡᠵᠢᠭᠦᠯᠬᠦ ᠲᠥᠪ᠂ ᠨᠡᠶᠢᠭᠡᠮ ᠲᠣᠭᠤᠷᠢᠭ᠂ ᠭᠠᠴᠠᠭ᠎ᠠ ︵ᠲᠣᠰᠬᠤᠨ︶ ᠪᠠᠭᠳᠠᠨ᠎ᠠ᠃ᠳᠥᠷᠪᠡ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠤᠨ ᠭᠤᠤᠯ ᠡᠭᠦᠷᠭᠡ ᠨᠢ ᠶᠠᠭᠤ ᠪᠣᠶ︖      ᠬᠠᠷᠢᠭᠤᠯᠲᠠ᠄ 1. ᠪᠠᠶᠢᠷᠢᠰᠢᠯ ᠨᠢ ᠵᠦᠶ ᠵᠣᠬᠢᠰᠲᠠᠶ᠂ ᠪᠥᠬᠦ ᠣᠷᠣᠨ ᠪᠦᠰᠡ ᠶᠢ ᠬᠠᠮᠤᠷᠤᠭᠰᠠᠨ ᠦᠢᠯᠡᠴᠢᠯᠡᠭᠡᠨ ᠤ ᠲᠣᠤᠷ ᠴᠡᠭ ᠢ ᠪᠥᠲᠥᠭᠡᠨ ᠪᠠᠶᠢᠭᠤᠯᠤᠨ᠎ᠠ᠃      2. ᠳᠥᠭᠦᠮ ᠳᠥᠲᠡ ᠥᠨᠳᠥᠷ ᠪᠦᠲᠦᠮᠵᠢᠲᠡᠶ᠂ ᠨᠥᠯᠥᠭᠡᠯᠡᠨ ᠳᠠᠶᠢᠴᠢᠯᠠᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃      3. ᠦᠨᠳᠦᠰᠦᠨ ᠱᠠᠲᠤᠨ ᠳᠤ ᠦᠢᠯᠡᠴᠢᠯᠡᠬᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠦᠢᠯᠡᠴᠢᠯᠡᠭᠡᠨ ᠤ ᠬᠦᠴᠦᠨ ᠢ ᠴᠢᠩᠭᠠᠷᠠᠭᠤᠯᠤᠨ᠎ᠠ᠃      ᠲᠠᠪᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠤᠨ ᠭᠤᠣᠯ ᠠᠭᠤᠯᠭ᠎ᠠ ᠨᠢ ᠶᠠᠭᠤ ᠪᠣᠢ︖      ᠬᠠᠷᠢᠭᠤᠯᠲᠠ᠄ ᠰᠤᠮᠤ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠭᠤᠣᠯᠳᠠᠭᠤ ᠬᠠᠷᠢᠭᠤᠴᠠᠨ᠎ᠠ᠃     1. ᠬᠠᠷᠢᠶ᠎ᠠ ᠣᠷᠣᠨ ᠳᠠᠬᠢ ᠬᠥᠳᠡᠯᠮᠦᠷᠢᠴᠢᠳ ᠤᠨ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠲᠣᠳᠣᠷᠬᠠᠶ ᠣᠶᠢᠯᠠᠭᠠᠵᠤ᠂ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ ᠪᠠ ᠠᠵᠢᠯ ᠣᠯᠬᠤ ᠳᠤ ᠬᠦᠴᠢᠷᠲᠡᠶ ᠵᠡᠷᠭᠡ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠵᠦ᠂ ᠬᠠᠷᠢᠶ᠎ᠠ ᠣᠷᠣᠨ ᠤ ᠳᠣᠲᠣᠷᠠᠬᠢ ᠬᠥᠮᠦᠨ ᠬᠡᠷᠡᠭᠯᠡᠬᠦ  ᠪᠠᠶᠢᠭᠤᠯᠭ᠎ᠠ ᠨᠢᠭᠡᠴᠢ ᠶᠢᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ᠃      2. ᠬᠠᠷᠢᠶ᠎ᠠ ᠣᠷᠣᠨ ᠤ ᠳᠣᠲᠣᠷᠠᠬᠢ ᠬᠥᠳᠡᠯᠮᠦᠷᠢᠯᠡᠭᠴᠢ ᠪᠣᠯᠤᠨ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠳᠤ ᠠᠵᠢᠯ ᠣᠯᠤᠭᠰᠠᠨ᠂ ᠠᠵᠢᠯ ᠠᠯᠳᠠᠯᠲᠠ ᠶᠢᠨ ᠳᠠᠩᠰᠠᠯᠠᠯ᠂ ᠠᠵᠢᠯ ᠡᠷᠢᠵᠦ ᠠᠵᠢᠯ ᠡᠯᠰᠡᠬᠦ ᠳᠠᠩᠰᠠᠯᠠᠯ᠂ ᠠᠵᠢᠯ ᠣᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠠᠵᠢᠯ ᠣᠯᠬᠤ ᠳᠤ ᠲᠡᠳᠬᠦᠬᠦ ᠲᠥᠷᠥ ᠶᠢᠨ ᠪᠣᠳᠣᠯᠭ᠎ᠠ ᠭᠤᠶᠤᠴᠢᠯᠠᠨ ᠬᠦᠷᠲᠡᠬᠦ ᠵᠡᠷᠭᠡ ᠭᠠᠷᠲᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃      3. ᠠᠵᠢᠯ ᠣᠯᠭᠤᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠤᠨ ᠴᠠᠯᠢᠩ ᠤᠨ ᠵᠢᠯᠣᠭᠤᠳᠬᠤ ᠦᠨ᠎ᠡ ᠬᠠᠩᠰᠢ᠂ ᠤᠷᠢᠬᠤ ᠠᠵᠢᠯ ᠤᠨ ᠪᠠᠶᠢᠷᠢ᠂ ᠡᠷᠬᠢᠯᠡᠭᠰᠡᠨ ᠠᠵᠢᠯ ᠤᠨ ᠪᠣᠯᠪᠠᠰᠤᠷᠠᠯ᠂ ᠠᠵᠢᠯ ᠣᠯᠭᠤᠬᠤ ᠳᠠᠳᠤᠯᠭ᠎ᠠ ᠪᠣᠯᠪᠠᠰᠤᠷᠠᠯ᠂ ᠦᠢᠯᠡᠰ ᠪᠤᠰᠬᠠᠬᠤ ᠪᠣᠯᠪᠠᠰᠤᠷᠠᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃      4. ᠬᠠᠷᠢᠶ᠎ᠠ ᠣᠷᠣᠨ ᠳᠠᠬᠢ ᠭᠤᠤᠯᠳᠠᠯᠭ᠎ᠠ ᠲᠠᠢ ᠬᠥᠮᠦᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠠᠵᠢᠯᠲᠠᠨ ᠡᠯᠰᠡᠬᠦ ᠠᠵᠢᠯᠯᠠᠭ᠎ᠠ᠂ ᠮᠡᠷᠭᠡᠵᠢᠯ ᠤᠨ ᠪᠣᠯᠪᠠᠰᠤᠷᠠᠯ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠳᠤ ᠬᠠᠨᠳᠤᠭᠤᠯᠤᠨ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠦᠨ᠎ᠡ᠃      ᠬᠠᠷᠢᠭᠤᠯᠲᠠ᠄ ᠭᠠᠴᠠᠭ᠎ᠠ᠂ ᠲᠣᠰᠬᠤᠨ ᠭᠤᠣᠯᠳᠠᠭᠤ ᠬᠠᠷᠢᠭᠤᠴᠠᠨ᠎ᠠ᠃     1. ᠲᠤᠰ ᠭᠠᠴᠠᠭ᠎ᠠ ᠲᠣᠰᠬᠤᠨ ᠤ ᠭᠠᠳᠠᠭᠰᠢ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡᠨ ᠤ ᠠᠵᠢᠯ ᠤᠨ ᠮᠠᠲ᠋ᠧᠷᠢᠶᠠᠯ ᠴᠤᠭᠯᠠᠭᠤᠯᠬᠤ ᠶᠢ ᠬᠠᠷᠢᠭᠤᠴᠠᠵᠤ᠂ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠳᠠᠯ ᠪᠠ ᠭᠠᠳᠠᠭᠰᠢ ᠰᠢᠯᠵᠢᠭᠦᠯᠦᠨ ᠠᠵᠢᠯ ᠣᠯᠭᠤᠭᠰᠠᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠭᠠᠳᠠᠭᠰᠢ ᠰᠢᠯᠵᠢᠭᠦᠯᠦᠨ ᠠᠵᠢᠯ ᠣᠯᠭᠤᠭᠰᠠᠨ ᠪᠠᠶᠢᠳᠠᠯ᠂ ᠠᠵᠢᠯ ᠡᠷᠬᠢᠯᠡᠵᠦ ᠪᠠᠶᠢᠭ᠎ᠠ ᠠᠵᠢᠯ ᠲᠥᠷᠥᠯ ᠂ ᠠᠵᠢᠯ ᠬᠢᠵᠦ ᠪᠠᠶᠢᠭ᠎ᠠ ᠬᠥᠮᠦᠨ ᠤ ᠲᠤᠭ᠎ᠠ ᠵᠡᠷᠭᠡ ᠶᠢ ᠭᠠᠳᠠᠭᠰᠢ ᠰᠢᠯᠵᠢᠭᠦᠯᠬᠦ ᠶᠢᠨ ᠬᠠᠮᠲᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠤ ᠬᠠᠷᠢᠯᠴᠠᠬᠤ ᠠᠵᠢᠯ ᠢ ᠰᠠᠶᠢᠲᠤᠷ ᠬᠢᠨ᠎ᠡ︔ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠪᠠ ᠭᠠᠳᠠᠭᠰᠢ ᠰᠢᠯᠵᠢᠭᠦᠯᠦᠨ ᠠᠵᠢᠯ ᠣᠯᠭᠤᠬᠤ ᠠᠵᠢᠯ ᠤᠨ ᠡᠯ᠎ᠡ ᠵᠦᠢᠯ ᠤᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ ᠡᠭᠦᠨ ᠤ ᠬᠠᠮᠲᠤ᠂ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠣᠷᠣᠭᠤᠯᠬᠤ᠂ ᠰᠢᠨᠡᠳᠬᠡᠬᠦ᠂ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃      2. ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠳᠡᠯᠮᠦᠷᠢ ᠬᠦᠴᠦᠨ ᠬᠡᠷᠡᠭᠯᠡᠬᠦ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ᠂ ᠠᠵᠢᠯ ᠣᠯᠵᠤ ᠦᠢᠯᠡᠰ ᠪᠤᠰᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ᠂ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠪᠤᠯᠤᠨ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠪᠣᠯᠤᠨ ᠠᠵᠢᠯ ᠡᠷᠢᠬᠦ ᠳᠠᠩᠰᠠᠯᠠᠯ ᠬᠠᠩᠭᠠᠵᠤ᠂ ᠠᠵᠢᠯ ᠣᠯᠭᠤᠬᠤ ᠵᠢᠯᠣᠭᠤᠳᠣᠯᠭ᠎ᠠ ᠥᠷᠨᠢᠭᠦᠯᠦᠨ᠎ᠡ᠃      3. ᠬᠤᠰᠢᠭᠤ ᠰᠢᠶᠠᠨ ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠢ ᠪᠣᠯᠪᠠᠰᠤᠷᠠᠭᠤᠯᠬᠤ ᠬᠦᠰᠡᠯ ᠡᠷᠡᠮᠡᠯᠵᠡᠯ ᠢᠶᠠᠨ ᠮᠡᠳᠡᠭᠦᠯᠦᠨ ᠬᠦᠷᠭᠡᠬᠦ ᠶᠢ ᠬᠠᠷᠢᠭᠤᠴᠠᠬᠤ ᠶᠢᠨ ᠬᠠᠮᠲᠤ᠂ ᠪᠣᠯᠪᠠᠰᠤᠷᠠᠭᠤᠯᠬᠤ ᠬᠦᠰᠡᠯ ᠡᠷᠡᠮᠡᠯᠵᠡᠯ ᠲᠠᠢ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠤᠨ᠎ᠠ᠃      4. ᠬᠤᠰᠢᠭᠤ ᠰᠢᠶᠠᠨ ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠬᠠᠮᠵᠢᠨ ᠲᠤᠰ ᠭᠠᠴᠠᠭ᠎ᠠ ᠲᠣᠰᠬᠤᠨ ᠤ ᠠᠵᠢᠯ ᠣᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠲᠤᠰᠠᠯᠠᠮᠵᠢ ᠦᠵᠡᠭᠦᠯᠵᠦ᠂ ᠭᠡᠷ ᠲᠤᠨᠢ ᠬᠦᠷᠴᠦ ᠮᠡᠳᠡᠭᠡ ᠵᠠᠩᠭᠢ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ᠂ ᠠᠵᠢᠯ ᠤᠨ ᠪᠠᠶᠢᠷᠢ ᠬᠦᠷᠭᠡᠬᠦ ᠵᠡᠷᠭᠡ ᠦᠢᠯᠡᠴᠢᠯᠡᠭᠡᠨ ᠤ ᠠᠵᠢᠯ ᠢ ᠥᠷᠨᠢᠭᠦᠯᠬᠦ ᠶᠢᠨ ᠬᠠᠮᠲᠤ ᠮᠥᠷᠳᠡᠨ ᠦᠢᠯᠡᠴᠢᠯᠡᠨ᠎ᠡ᠃      5. ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠦᠨ ᠤ ᠬᠦᠴᠦᠨ ᠤ ᠡᠬᠢ ᠪᠠᠶᠠᠯᠢᠭ  ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠲᠤᠰ ᠭᠠᠴᠠᠭ᠎ᠠ ᠲᠣᠰᠬᠤᠨ ᠤ ᠬᠥᠳᠡᠯᠮᠦᠷᠢ ᠬᠦᠴᠦᠨ ᠤ ᠨᠠᠰᠤᠵᠢᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠪᠠ ᠭᠠᠳᠠᠭᠰᠢ ᠰᠢᠯᠵᠢᠭᠦᠯᠦᠨ ᠠᠵᠢᠯ ᠤᠯᠭᠤᠬᠤ ᠵᠡᠷᠭᠡ ᠠᠵᠢᠯ ᠤᠨ ᠦᠢᠯᠡᠴᠢᠯᠡᠭᠡ ᠬᠠᠩᠭᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号