ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠬᠦᠴᠥᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/8/30
    ᠡ᠊ᠨᠡ ᠵᠢᠯ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠡᠰᠢ ᠰᠦᠷᠡᠯ᠂ ᠬᠤᠨᠢ ᠮᠠᠯ ᠤᠨ ᠢᠯᠭᠠᠳᠠᠰᠥ᠂ ᠬᠠᠶᠠᠭᠳᠠᠮᠠᠯ ᠪᠤᠳᠠᠰ ᠢ ᠳᠠᠬᠢᠨ ᠡᠳ᠋ᠰᠢᠬᠦᠯᠥᠨ ᠪᠤᠯᠪᠠᠰᠤᠷᠠᠭᠤᠯᠬᠤ ᠪᠠᠷ ᠳᠠᠮᠵᠢᠨ ︽ᠤᠷᠭᠠᠨᠢᠭ ᠪᠤᠷᠳᠤᠭᠤᠷ︾ ᠪᠤᠯᠭᠠᠨ ᠬᠤᠪᠢᠷᠠᠭᠤᠯᠵᠤ᠂ ᠤᠷᠴᠢᠨ ᠳᠤᠭᠤᠷᠢᠨ ᠢ ᠭᠤᠶᠤᠵᠢᠭᠤᠯᠥᠨ᠂ ᠠᠮᠢ ᠠᠬᠤᠢ ᠶᠢ ᠬᠠᠮᠠᠭᠠᠯᠠᠭᠰᠠᠨ ᠤ ᠬᠠᠮᠳᠥ᠂ ᠬᠠᠶᠠᠭᠳᠠᠮᠠᠯ ᠪᠤᠳᠠᠰ ᠢ ᠦᠨ᠎ᠡ ᠦᠷᠳᠡᠭ ᠬᠦᠷᠭᠡᠵᠤ᠂ ᠳᠠᠷᠢᠶᠠᠴᠢᠨ ᠡᠷᠥᠭᠡ ᠳᠤ ᠠᠰᠢᠭ ᠬᠦᠷᠳᠡᠭᠡᠭᠰᠡᠨ ᠪᠠᠶᠢᠨ᠎ᠠ᠃     ᠪᠤᠯᠭᠠᠨᠬᠤᠸᠠ ᠰᠤᠮᠤ ︿ᠨᠠᠮ ᠤᠨ ᠡᠬᠦᠷ + ᠲᠤᠰᠬᠠᠢ ᠬᠤᠷᠰᠢᠶᠠᠵᠢᠯ + ᠳᠠᠷᠢᠶᠠᠴᠢᠨ ᠡᠷᠥᠭᠡ﹀ ᠶᠢᠨ ᠡᠵᠡᠩᠨᠡᠯᠳᠡ ᠶᠢᠨ ᠬᠡᠯᠪᠡᠷᠢ ᠪᠠᠷ᠂ ᠵᠠᠯᠠᠶᠢᠳ ᠬᠤᠰᠢᠭᠤᠨ ᠤ ᠪᠤᠯᠭᠠᠨᠬᠤᠸᠠ ᠤᠷᠭᠠᠨᠢᠭ ᠪᠤᠷᠳᠤᠭᠤᠷ ᠤᠨ ᠥᠢᠯᠡᠳᠪᠤᠷᠢ ᠶᠢ ᠳᠠᠶᠢᠴᠢᠯᠠᠨ ᠡᠳᠥᠷ ᠪᠦᠷᠢ ᠤᠶᠢᠷ᠎ᠠ ᠬᠠᠪᠢ ᠶᠢᠨ ᠭᠠᠴᠠᠭ᠎ᠠ ᠲᠤᠰᠬᠤᠨ ᠤ ᠳᠠᠷᠢᠶᠠᠴᠢᠳ ᠤᠨ ᠬᠦᠷᠢᠶ᠎ᠡ ᠬᠠᠰᠢᠶᠠᠨ ᠤ ᠡᠰᠢ ᠰᠦᠷᠡᠯ᠂ ᠬᠤᠨᠢ ᠮᠠᠯ ᠤᠨ ᠢᠯᠭᠠᠳᠠᠰᠥ᠂ ᠬᠠᠶᠠᠭᠳᠠᠮᠠᠯ ᠪᠤᠳᠠᠰ ᠢ ᠬᠤᠷᠢᠶᠠᠨ ᠠᠪᠴᠤ᠂ ᠥᠢᠯᠡᠳᠪᠤᠷᠢ ᠳᠡᠭᠡᠨ ᠠᠪᠴᠢᠷᠠᠨ ᠡᠳ᠋ᠰᠢᠬᠦᠯᠥᠨ ᠪᠤᠯᠪᠠᠰᠤᠷᠠᠭᠤᠯᠵᠤ ᠪᠤᠢ᠃      ᠲᠦᠷᠥᠬᠦᠭᠡᠨ᠂ ᠰᠤᠷᠪᠤᠯᠵᠢᠯᠠᠭᠴᠢ ᠵᠠᠯᠠᠶᠢᠳ ᠬᠤᠰᠢᠭᠤᠨ ᠤ ᠪᠤᠯᠭᠠᠨᠬᠤᠸᠠ ᠤᠷᠭᠠᠨᠢᠭ ᠪᠤᠷᠳᠤᠭᠤᠷ ᠤᠨ ᠥᠢᠯᠡᠳᠪᠤᠷᠢ ᠳᠤ ᠰᠤᠷᠪᠤᠯᠵᠢᠯᠠᠬᠤ ᠪᠠᠷ ᠬᠦᠷᠬᠦ ᠳᠤ᠂ ᠬᠡᠳᠥᠨ ᠠᠵᠢᠯᠴᠢᠨ ᠬᠠᠶᠠᠭᠳᠠᠮᠠᠯ ᠡᠰᠢ ᠰᠦᠷᠡᠯ ᠢ ᠡᠳ᠋ᠰᠢᠬᠦᠯᠥᠨ ᠪᠤᠯᠪᠠᠰᠤᠷᠠᠭᠤᠯᠬᠤ᠂ ᠢᠰᠭᠡᠵᠤ ᠬᠠᠳᠠᠭᠠᠬᠤ᠂ ᠵᠦᠭᠡᠭᠡᠪᠤᠷᠢᠯᠡᠬᠦ ᠭᠡᠬᠦ ᠮᠡᠳᠥ ᠪᠠᠷ ᠶᠠᠭᠠᠷᠠᠯᠳᠠᠢ ᠠᠵᠢᠯᠯᠠᠵᠤ ᠪᠠᠶᠢᠯ᠎ᠠ᠃ ᠲᠤᠰ ᠥᠢᠯᠡᠳᠪᠤᠷᠢ ᠤᠷᠭᠠᠨᠢᠭ ᠪᠤᠷᠳᠤᠭᠤᠷ ᠥᠢᠯᠡᠳᠪᠤᠷᠢᠯᠡᠭᠡᠳ ᠨᠢᠭᠡᠨᠳᠡ ᠬᠤᠶᠠᠷ ᠰᠠᠷ᠎ᠠ ᠪᠤᠯᠵᠤ᠂ ᠤᠳᠤᠬᠠᠨ ᠳᠤ ᠡᠳᠥᠷ ᠪᠦᠷᠢ 150 ᠳᠤᠨ ᠲᠦᠬᠦᠭᠡᠢ ᠮᠠᠲ᠋ᠧᠷᠢᠶᠠᠯ ᠬᠡᠷᠡᠭᠰᠡᠬᠦ ᠪᠦᠭᠡᠳ ᠡᠳᠥᠷ ᠪᠦᠷᠢ ᠪᠠᠷᠤᠭ 80 — 90 ᠳᠤᠨ ᠤᠷᠴᠢᠮ ᠤᠷᠭᠠᠨᠢᠭ ᠪᠤᠷᠳᠤᠭᠤᠷ ᠥᠢᠯᠡᠳᠪᠤᠷᠢᠯᠡᠵᠤ ᠪᠤᠢ᠃      ︽ᠮᠠᠨ ᠤ ᠰᠤᠮᠤ ᠶᠢᠨ ᠳᠠᠷᠢᠮᠠᠯ ᠤᠨ ᠳᠠᠯᠠᠪᠠᠢ 26.9 ᠲᠦᠮᠡᠨ ᠮᠤ᠋᠂ ᠳᠠᠷᠢᠮᠠᠯ ᠤᠨ ᠵᠥᠢᠯ ᠨᠢ ᠡᠷᠳᠡᠨᠢ ᠰᠢᠰᠢ ᠪᠠᠷ ᠭᠤᠤᠯᠯᠠᠵᠤ᠂ ᠮᠠᠯ ᠠᠵᠤ ᠠᠬᠤᠢ ᠨᠢ ᠬᠤᠨᠢ ᠮᠠᠯ ᠳᠡᠵᠢᠭᠡᠨ ᠦᠷᠡᠵᠢᠬᠦᠯᠬᠦ ᠪᠠᠷ ᠭᠤᠤᠯᠯᠠᠵᠤ ᠪᠤᠢ᠃ ᠦᠩᠭᠡᠷᠡᠭᠰᠡᠨ ᠳᠤ ᠳᠠᠷᠢᠶᠠᠴᠢᠳ ᠤᠨ ᠬᠦᠷᠢᠶ᠎ᠡ ᠬᠠᠰᠢᠶ᠎ᠠ ᠪᠠ ᠳᠠᠷᠢᠶᠠᠨ ᠳᠤᠮᠳᠠᠬᠢ ᠬᠠᠶᠠᠭᠳᠠᠮᠠᠯ ᠡᠰᠢ ᠰᠦᠷᠡᠯ᠂ ᠬᠤᠨᠢ ᠮᠠᠯ ᠤᠨ ᠢᠯᠭᠠᠳᠠᠰᠥ ᠨᠢ ᠬᠠᠶᠠ ᠦᠬᠡᠢ ᠤᠪᠤᠭᠠᠯᠠᠭᠳᠠᠨ᠂ ᠤᠷᠴᠢᠨ ᠳᠤᠭᠤᠷᠢᠨ ᠢ ᠪᠤᠬᠢᠷᠳᠤᠭᠤᠯᠬᠤ ᠪᠦᠭᠡᠳ ᠭᠠᠴᠠᠭ᠎ᠠ ᠲᠤᠰᠬᠤᠨ ᠤ ᠦᠡᠭᠭᠡ ᠲᠦᠷᠬᠦ ᠶᠢ ᠨᠦᠯᠥᠭᠡᠯᠡᠵᠤ ᠪᠠᠶᠢᠪᠠ᠃ ᠭᠡᠳᠡᠯ᠎ᠡ ᠤᠳᠤ ᠪᠤᠯᠭᠠᠨᠬᠤᠸᠠ ᠤᠷᠭᠠᠨᠢᠭ ᠪᠤᠷᠳᠤᠭᠤᠷ ᠤᠨ ᠥᠢᠯᠡᠳᠪᠤᠷᠢ ᠨᠢ ᠡᠳᠥᠷ ᠪᠦᠷᠢ ᠳᠠᠷᠢᠶᠠᠴᠢᠳ ᠤᠨ ᠭᠡᠷ ᠢᠶᠠᠷ ᠬᠦᠷᠴᠤ ᠡᠳᠡᠭᠡᠷ ᠬᠠᠶᠠᠭᠳᠠᠮᠠᠯ ᠪᠤᠳᠠᠰ ᠢ ᠴᠡᠪᠡᠷᠯᠡᠨ ᠬᠤᠷᠢᠶᠠᠵᠤ ᠠᠪᠠᠴᠢᠨ ᠤᠷᠭᠠᠨᠢᠭ ᠪᠤᠷᠳᠤᠭᠤᠷ ᠥᠢᠯᠡᠳᠪᠤᠷᠢᠯᠡᠵᠤ᠂ ᠥᠢᠯᠡᠳᠪᠤᠷᠢᠯᠡᠭᠰᠡᠨ ᠤᠷᠭᠠᠨᠢᠭ ᠪᠤᠷᠳᠤᠭᠤᠷ ᠢᠶᠠᠨ ᠳᠠᠷᠠᠭ᠎ᠠ ᠵᠢᠯ ᠤᠨ ᠬᠠᠪᠤᠷ ᠤᠨ ᠳᠠᠷᠢᠶᠠᠯᠠᠭ᠎ᠠ ᠶᠢᠨ ᠦᠶ᠎ᠡ ᠪᠠᠷ ᠳᠠᠷᠢᠶᠠᠴᠢᠨ ᠡᠷᠥᠭᠡ ᠳᠤ ᠬᠢᠮᠳᠠ ᠦᠨ᠎ᠡ ᠪᠠᠷ ᠬᠤᠳᠠᠯᠳᠤᠵᠤ ᠦᠭᠬᠦ ᠪᠠᠷ ᠲᠦᠯᠥᠪᠯᠡᠨ᠂ ᠳᠠᠷᠢᠶᠠᠴᠢᠳ ᠤᠨ ᠪᠤᠷᠳᠤᠭᠤᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠪᠤᠯᠥᠨ᠎ᠠ︾ ᠭᠡᠵᠤ ᠵᠠᠯᠠᠶᠢᠳ ᠬᠤᠰᠢᠭᠤᠨ ᠤ ᠪᠤᠯᠭᠠᠨᠬᠤᠸ᠋ᠨ ᠰᠤᠮᠤ ᠶᠢᠨ ᠪᠤᠯᠭᠠᠨᠬᠤᠸᠠ ᠭᠠᠴᠠᠭ᠎ᠠ ᠶᠢᠨ ᠨᠠᠮ ᠤᠨ ᠡᠬᠦᠷ ᠤᠨ ᠱᠦᠵᠢ ᠴᠧᠨ ᠶᠦᠩ ᠯᠧ ᠰᠤᠷᠪᠤᠯᠵᠢᠯᠠᠭᠴᠢ ᠳᠤ ᠲᠠᠨᠢᠯᠴᠠᠭᠤᠯᠵᠤ ᠦᠭᠬᠦᠯ᠎ᠡ᠃      ︽ᠮᠠᠨ ᠤ ᠥᠢᠯᠡᠳᠪᠤᠷᠢᠯᠡᠭᠰᠡᠨ ᠤᠷᠭᠠᠨᠢᠭ ᠪᠤᠷᠳᠤᠭᠤᠷ ᠦᠨ᠎ᠡ ᠨᠢ ᠬᠢᠮᠳᠠ᠂ ᠴᠢᠨᠠᠷ ᠨᠢ ᠰᠠᠶᠢᠨ ᠢᠶᠠᠷ ᠢᠶᠠᠨ ᠵᠠᠬ᠎ᠠ ᠳᠡᠯᠭᠡᠬᠦᠷ ᠲᠤ ᠪᠤᠷᠤᠯᠠᠭᠤᠯᠭ᠎ᠠ ᠰᠠᠶᠢᠨ ᠪᠠᠶᠢᠨ᠎ᠠ᠂ ᠤᠯᠠᠭᠠᠨᠬᠤᠳᠠ ᠶᠢᠨ ᠨᠢᠭᠡᠨ ᠬᠤᠸᠠᠷ ᠳᠠᠷᠢᠬᠤ ᠭᠠᠵᠠᠷ ᠮᠠᠨ ᠲᠠᠢ 100 ᠳᠤᠨ ᠤᠷᠭᠠᠨᠢᠭ ᠪᠤᠷᠳᠤᠭᠤᠷ ᠤᠨ ᠵᠠᠬᠢᠶᠠᠯᠠᠭ᠎ᠠ ᠲᠤᠭᠳᠠᠵᠠᠢ᠃ ᠡ᠊ᠨᠡ ᠨᠢ ᠬᠠᠶᠠᠭᠳᠠᠮᠠᠯ ᠪᠤᠳᠠᠰ ᠢ ᠪᠦᠳᠥᠮᠵᠢᠳᠡᠢ ᠰᠶᠢᠳᠪᠤᠷᠢᠯᠡᠬᠦ ᠠᠷᠭ᠎ᠠ ᠵᠠᠮ ᠪᠤᠯᠤᠭᠰᠠᠨ ᠪᠦᠭᠡᠳ ᠠᠮᠢ ᠠᠬᠤᠢ ᠶᠢ ᠬᠠᠮᠠᠭᠠᠯᠠᠬᠤ᠂ ᠤᠷᠴᠢᠨ ᠳᠤᠭᠤᠷᠢᠨ ᠢ ᠭᠤᠶᠤᠵᠢᠭᠤᠯᠬᠤ ᠪᠦᠳᠥᠮᠵᠢᠳᠡᠢ ᠬᠢᠳᠡᠯ ᠪᠤᠯᠵᠠᠢ᠃ ᠨᠡᠩ ᠴᠤ ᠬᠠᠶᠠᠭᠳᠠᠮᠠᠯ ᠪᠤᠳᠠᠰ ᠢ ᠠᠰᠢᠭᠯᠠᠨ ᠳᠤᠬᠠᠢ ᠶᠢᠨ ᠭᠠᠵᠠᠷ ᠤᠨ ᠠᠵᠤ ᠠᠬᠤᠢ ᠶᠢ ᠬᠦᠭᠵᠢᠬᠦᠯᠬᠦ ᠰᠢᠨ᠎ᠡ ᠠᠵᠤ ᠥᠢᠯᠡᠰ ᠪᠤᠯᠤᠭᠰᠠᠨ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠤᠯᠭᠠᠨᠬᠤᠸᠠ ᠤᠷᠭᠠᠨᠢᠭ ᠪᠤᠷᠳᠤᠭᠤᠷ ᠤᠨ ᠥᠢᠯᠡᠳᠪᠤᠷᠢ ᠶᠢᠨ ᠬᠠᠷᠢᠭᠤᠴᠠᠯᠭᠠᠳᠠᠨ ᠭᠤᠸᠠᠨ ᡁᠢ ᠭᠤᠸᠠᠩ ᠬᠡᠯᠡᠪᠡ᠃                              ︵ᠤᠷᠠᠨᠳᠤᠳᠢ ᠰᠡᠴᠡᠨᠭᠡᠷᠡᠯ  ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号