ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠪᠠᠳᠤᠳᠬᠠᠨ᠎ᠠ
ᠨᠡᠶᠢᠲᠡᠯᠡᠭᠰᠡᠨ ᠴᠠᠭ᠄
2024/8/30
     ᠤᠶᠢᠷ᠎ᠠ ᠳᠤ᠂ ᠵᠠᠯᠠᠶᠢᠳ ᠬᠤᠰᠢᠭᠤᠨ ᠤ ᠵᠢᠯ ᠳᠤ 20 ᠲᠦᠮᠡᠨ ᠠᠯᠠᠰᠢᠨ ᠬᠤᠨᠢ ᠪᠤᠷᠤᠯᠠᠭᠤᠯᠬᠤ ᠠᠵᠤ ᠦᠢᠯᠡᠰ ᠤᠨ ᠲᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠠᠬᠤᠢ ᠲᠠᠯᠠᠪᠠᠢ ᠳᠤ ᠲᠤᠮᠤ ᠬᠡᠯᠪᠡᠷᠢ ᠶᠢᠨ ᠮᠠᠰᠢᠨ ᠮᠧᠬᠠᠨᠢᠭ ᠮᠠᠰᠢ ᠶᠠᠭᠠᠷᠠᠯᠳᠠᠢ ᠠᠵᠢᠯᠯᠠᠵᠤ ᠪᠠᠶᠢᠯ᠎ᠠ᠃ ᠲᠤᠰ ᠲᠦᠷᠤᠯ ᠵᠦᠢᠯ ᠨᠢ ᠵᠠᠯᠠᠶᠢᠳ ᠬᠤᠰᠢᠭᠤᠨ ᠤ ᠤᠯᠤᠰ ᠤᠨ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠲᠤᠷᠰᠢᠯᠳᠠ ᠶᠢᠨ ᠴᠡᠭ ᠵᠢᠴᠢ ᠬᠡᠳᠤᠷᠠᠳᠠᠯ᠎ᠠ ᠪᠠᠯᠴᠢᠭᠡᠷᠯᠡᠬᠦᠯᠬᠦ ᠠᠰᠠᠭᠤᠳᠠᠯ ᠢ ᠰᠶᠢᠳᠪᠤᠷᠢᠯᠡᠬᠦ ᠲᠤᠷᠰᠢᠯᠳᠠ ᠶᠢᠨ ᠴᠡᠭ ᠤᠨ ᠭᠤᠤᠯᠳᠠᠯᠭ᠎ᠠ ᠲᠠᠢ ᠲᠦᠷᠤᠯ ᠵᠦᠢᠯ ᠤᠨ ᠨᠢᠭᠡ ᠪᠤᠯᠤᠭᠰᠠᠨ ᠤ ᠬᠤᠪᠢ ᠳᠤ᠂ ᠵᠢᠯ ᠳᠤ 90 ᠲᠦᠮᠡᠨ ᠮᠤ᠋ ᠪᠡᠯᠴᠢᠭᠡᠷ ᠢ ︽ᠠᠮᠠᠷᠠᠭᠤᠯᠤᠨ︾ ᠂ ᠮᠠᠯ ᠪᠡᠯᠴᠢᠭᠡᠷ ᠤᠨ ᠲᠠᠩᠴᠡᠬᠦᠷᠢ ᠶᠢ ᠠᠬᠢᠭᠤᠯᠬᠤ ᠪᠤᠯᠤᠨ᠎ᠠ᠃ ᠡ᠊ᠨᠠ ᠵᠢᠯ᠂ ᠵᠠᠯᠠᠶᠢᠳ ᠬᠤᠰᠢᠭᠤ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠲᠤᠷᠰᠢᠯᠳᠠ ᠶᠢᠨ ᠴᠡᠭ ᠢ ᠨᠢᠭᠡᠳᠤᠯᠳᠠᠢ ᠲᠦᠯᠤᠪᠯᠡᠨ ᠠᠬᠢᠭᠤᠯᠬᠤ ᠪᠠ ᠬᠡᠳᠤᠷᠡᠳᠡᠯ᠎ᠠ ᠪᠡᠯᠴᠢᠭᠡᠷᠯᠡᠬᠦᠯᠬᠦ ᠠᠰᠠᠭᠤᠳᠠᠯ ᠢ ᠰᠶᠢᠳᠪᠤᠷᠢᠯᠡᠵᠤ᠂ ᠨᠤᠳᠤᠭ ᠪᠡᠯᠴᠢᠭᠡᠷ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠠ ᠶᠢᠨ ᠬᠡᠯᠪᠡᠷᠢ ᠶᠢ ᠠᠭᠠᠵᠢᠮ ᠢᠶᠠᠷ ᠬᠤᠪᠢᠷᠠᠭᠤᠯᠤᠨ᠂ ᠬᠡᠳᠤᠷᠡᠳᠡᠯ᠎ᠠ ᠪᠡᠯᠴᠢᠭᠡᠷᠯᠡᠬᠦᠯᠬᠦ ᠠᠰᠠᠭᠤᠳᠠᠯ ᠢ ᠰᠶᠢᠳᠪᠤᠷᠢᠯᠡᠬᠦ ᠪᠠᠷ ᠪᠤᠢ᠃      ᠤᠶᠢᠷ᠎ᠠ ᠶᠢᠨ ᠬᠡᠳᠦᠨ ᠵᠢᠯ ᠳᠤ ᠵᠠᠯᠠᠶᠢᠳ ᠬᠤᠰᠢᠭᠤ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠤᠯ ᠰᠢᠵᠢᠮ ᠪᠤᠯᠭᠠᠨ᠂ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠪᠤᠯᠭᠠᠨ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ︽ᠲᠠᠪᠤᠨ ᠶᠡᠭᠡ ᠡᠬᠦᠷᠭᠡ︾ ᠶᠢ ᠲᠦᠷᠭᠡᠳᠭᠡᠨ ᠠᠬᠢᠭᠤᠯᠬᠤ ᠲᠡᠭᠡᠷ᠎ᠠ ᠰᠢᠨ᠎ᠠ ᠬᠢᠳᠠᠯ ᠭᠠᠷᠭᠠᠨ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠴᠡᠭᠴᠡᠯᠡᠨ ᠵᠠᠰᠠᠬᠤ᠂ ︽ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠤᠢ ᠶᠢᠨ ᠪᠦᠳᠤᠭᠡᠨ ᠪᠠᠶᠢᠭᠤᠯᠤᠯᠳᠠ ᠵᠡᠷᠭᠡ ᠭᠤᠥᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠵᠤ᠂ ᠮᠠᠯ ᠪᠡᠯᠴᠢᠭᠡᠷ ᠢ ᠲᠠᠩᠴᠡᠬᠦᠷᠢᠰᠢᠬᠦᠯᠬᠦ᠂ ᠪᠡᠯᠴᠢᠭᠡᠷᠯᠡᠬᠦᠯᠬᠦ ᠶᠢ ᠬᠤᠷᠢᠭᠯᠠᠬᠤ ᠵᠡᠷᠭᠡ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠭᠠᠯᠢ ᠶᠢᠨ ᠤᠢ ᠶᠢᠨ ᠬᠠᠮᠠᠭᠠᠯᠠᠯᠳᠠ ᠪᠠ ᠤᠰᠤ ᠰᠢᠷᠤᠢ ᠶᠢ ᠪᠠᠳᠤᠯᠠᠬᠤ ᠶᠢ ᠴᠢᠩᠭᠠᠳᠬᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠪᠠᠳᠤᠳᠬᠠᠪᠠ᠃     ᠵᠠᠯᠠᠶᠢᠳ ᠬᠤᠰᠢᠭᠤᠨ ᠤ ᠤᠯᠤᠰ ᠤᠨ ᠦᠮᠴᠢᠯᠡᠯᠳᠤ ᠲᠦᠪ ᠤᠨ ᠤᠢ ᠰᠢᠭᠤᠢ ᠶᠢᠨ ᠲᠠᠯᠠᠪᠠᠢ ᠶᠢᠨ ᠮᠧᠩ ᠵᠧᠨ ᠰᠠᠭᠤᠷᠢᠨ ᠭᠠᠵᠠᠷ ᠲᠤ ᠰᠢᠳ ᠬᠦᠢᠯᠡᠰᠤᠨ ᠤ ᠮᠤᠳᠤ ᠵᠢᠭᠳᠡᠷᠡᠨ ᠤᠷᠭᠤᠨ᠎ᠠ᠃ ᠤᠶᠢᠯᠠᠭᠠᠭᠰᠠᠨ ᠢᠶᠠᠷ᠂ ᠲᠤᠰ ᠰᠢᠳ ᠬᠦᠢᠯᠡᠰᠤᠨ ᠤ ᠲᠠᠯᠠᠪᠠᠢ ᠨᠢ ᠨᠡᠶᠢᠳᠠ 5200 ᠮᠤ᠋ ᠪᠠᠶᠢᠵᠤ᠂ ᠨᠢᠳᠤᠨᠤᠨ ᠵᠢᠯ ᠳᠤ 1600 ᠮᠤ᠋ ᠰᠢᠳ ᠬᠦᠢᠯᠡᠰᠤᠨ ᠮᠤᠳᠤ ᠨᠢ ᠨᠢᠭᠡᠨᠳᠠ ᠵᠢᠮᠢᠰ ᠰᠠᠭᠤᠬᠤ ᠬᠤᠭᠤᠴᠠᠭ᠎ᠠ ᠪᠤᠯᠵᠤ᠂ ᠮᠤ᠋ ᠪᠦᠷᠢ ᠶᠢᠨ ᠤᠨᠠᠯᠳᠠ ᠨᠢ ᠬᠠᠮᠤᠭ ᠦᠨᠳᠤᠷ ᠲᠡᠭᠡᠨ 400 ᠵᠢᠩ ᠳᠤ ᠲᠤᠯᠤᠭᠰᠠᠨ ᠪᠠᠶᠢᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠬᠦᠬᠡᠮᠳᠥᠭ ᠨᠤᠭᠤᠭᠠᠨ ᠠᠭᠤᠯᠠ ᠤᠰᠤ ᠪᠠᠨ ᠠᠯᠳᠠ ᠮᠦᠩᠬᠦᠨ ᠠᠭᠤᠯᠠ ᠲᠡᠶᠢᠰᠢ ᠬᠤᠪᠢᠷᠠᠭᠤᠯᠬᠤ ᠰᠢᠨ᠎ᠠ ᠬᠡᠯᠪᠡᠷᠢ ᠶᠢ ᠲᠠᠰᠤᠷᠠᠯᠳᠠ ᠦᠭᠡᠢ ᠰᠦᠪᠡᠭᠴᠢᠯᠡᠵᠤ᠂ ᠮᠧᠩ ᠵᠧᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠪᠠᠨ ᠲᠠᠰᠤᠷᠠᠯᠳᠠ ᠦᠭᠡᠢ ᠴᠢᠩᠭᠠᠳᠬᠠᠨ᠂ ᠡ᠊ᠨᠠ ᠵᠢᠯ 1.7 ᠲᠦᠮᠡᠨ ᠮᠤ᠋ ᠰᠢᠤᠨ ᠬᠦᠢᠯᠡᠰᠤᠨ ᠮᠤᠳᠤ ᠵᠠᠶᠢᠯᠠᠵᠤ᠂ ᠪᠦᠬᠦ ᠬᠤᠰᠢᠭᠤᠨ ᠤ ᠰᠢᠤᠨ ᠬᠦᠢᠯᠡᠰᠤᠨ ᠮᠤᠳᠤ ᠵᠠᠶᠢᠯᠠᠭᠰᠠᠨ ᠲᠠᠯᠠᠪᠠᠢ 4 ᠲᠦᠮᠡᠨ ᠮᠤ᠋ ᠳᠤ ᠲᠤᠯᠪᠠ᠃     ︽ᠪᠦᠬᠦ ᠤᠯᠤᠰ ᠤᠨ ᠨᠤᠭᠤᠭᠠᠷᠠᠭᠤᠯᠤᠯᠳᠠ ᠶᠢᠨ ᠵᠢᠱᠢᠶᠡᠴᠢ ᠨᠢᠭᠡᠴᠢ︾ ᠪᠤᠯᠤᠭᠰᠠᠨ ᠵᠠᠯᠠᠶᠢᠳ ᠬᠤᠰᠢᠭᠤ ᠲᠤᠰ ᠵᠢᠯ ᠳᠤ᠂ ᠡᠯᠡᠰᠤᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠰᠠᠶᠢᠳᠤᠷ ᠠᠳᠬᠤᠵᠤ᠂ ︽ᠤᠮᠠᠷᠠᠳᠤ ᠶᠢᠨ ᠭᠤᠷᠪᠠᠨ ᠤᠷᠤᠨ ︾ ᠤ ᠬᠠᠮᠠᠭᠠᠯᠠᠯᠳᠠ ᠶᠢᠨ ᠤᠢ᠂ ᠲᠠᠴᠢᠷᠳᠠᠭᠰᠠᠨ ᠨᠤᠳᠤᠭ ᠪᠡᠯᠴᠢᠭᠡᠷ ᠢ ᠰᠡᠷᠬᠦᠭᠡᠨ ᠵᠠᠰᠠᠬᠤ᠂ ᠬᠤᠤᠷᠳᠤ ᠡᠪᠡᠰᠤ ᠶᠢ ᠴᠡᠭᠴᠡᠯᠡᠨ ᠵᠠᠰᠠᠬᠤ ᠪᠠ ᠨᠤᠳᠤᠭ ᠪᠡᠯᠴᠢᠭᠡᠷ ᠤᠨ ᠰᠢᠪᠠᠵᠢ ᠬᠤᠷᠤᠬᠠᠢ ᠶᠢᠨ ᠬᠦᠨᠤᠭᠡᠯ ᠢ ᠰᠡᠷᠭᠡᠶᠢᠯᠡᠨ ᠵᠠᠰᠠᠬᠤ ᠵᠡᠷᠭᠡ ᠲᠦᠷᠤᠯ ᠵᠦᠢᠯ ᠢ ᠬᠡᠷᠡᠭᠵᠢᠬᠦᠯᠵᠤ᠂ ᠨᠡᠶᠢᠭᠡᠮ ᠨᠡᠶᠢᠳᠠ ᠶᠢᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢ ᠢᠳᠡᠪᠬᠢᠳᠠᠢ ᠠᠬᠢᠭᠤᠯᠤᠨ᠂ ᠰᠢᠨ᠎ᠠ ᠡᠨᠤᠷᠬᠢ ᠶᠢᠨ ᠬᠦᠭᠵᠢᠯᠳᠠ ᠪᠠ ᠠᠮᠢ ᠠᠬᠤᠢ ᠶᠢ ᠴᠡᠭᠴᠡᠯᠡᠨ ᠵᠠᠰᠠᠬᠤ ᠶᠢ ᠬᠠᠮᠳᠤ ᠳᠤᠨᠢ ᠠᠬᠢᠭᠤᠯᠪᠠ︔ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠴᠢᠩᠭᠠᠳᠬᠠᠵᠤ᠂ ᠤᠯᠤᠰ ᠤᠨ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠪᠠ ᠦᠪᠠᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠢ ᠬᠡᠳᠤᠷᠡᠳᠡᠯ᠎ᠠ ᠪᠡᠯᠴᠢᠭᠡᠷᠯᠡᠬᠦᠯᠬᠦ ᠠᠰᠠᠭᠤᠳᠠᠯ ᠢ ᠰᠶᠢᠳᠪᠤᠷᠢᠯᠡᠬᠦ ᠲᠤᠷᠰᠢᠯᠳᠠ ᠶᠢᠨ ᠴᠡᠭ ᠢ ᠪᠠᠶᠢᠭᠤᠯᠪᠠ᠃      ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠤᠢ ᠮᠤᠳᠤ ᠨᠤᠳᠤᠭ ᠪᠡᠯᠴᠢᠭᠡᠷ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ᠂ ᠪᠡᠯᠴᠢᠭᠡᠷᠯᠡᠬᠦᠯᠬᠦ ᠶᠢ ᠬᠤᠷᠢᠭᠯᠠᠨ ᠪᠡᠯᠴᠢᠭᠡᠷ ᠢ ᠰᠡᠷᠬᠦᠭᠡᠬᠦ ᠵᠡᠷᠭᠡ ᠠᠷᠭ᠎ᠠ ᠠᠪᠴᠠᠯ ᠢ ᠪᠦᠬᠦ ᠲᠠᠯ᠎ᠠ ᠪᠠᠷ ᠠᠬᠢᠭᠤᠯᠵᠤ᠂ ᠪᠠᠶᠢᠭᠠᠯᠢ ᠶᠢᠨ ᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠢ ᠴᠢᠩᠭ᠎ᠠ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠨᠤᠭᠤᠭᠠᠷᠠᠭᠤᠯᠤᠯᠳᠠ᠂ ︽ᠤᠮᠠᠷᠠᠳᠤ ᠶᠢᠨ ᠭᠤᠷᠪᠠᠨ ᠤᠷᠤᠨ︾ ᠤ ᠰᠡᠷᠭᠡᠶᠢᠯᠡᠯᠳᠠ ᠶᠢᠨ ᠤᠢ ᠶᠢᠨ ᠢᠨᠵᠧᠨᠧᠷᠢᠩ ᠢ ᠬᠦᠴᠤᠯᠠᠨ ᠬᠡᠷᠡᠭᠵᠢᠬᠦᠯᠬᠦ ᠪᠠᠷ ᠲᠠᠮᠵᠢᠨ᠂ ᠤᠢ ᠰᠢᠭᠤᠢ ᠶᠢᠨ ᠲᠠᠯᠠᠪᠠᠢ ᠶᠢ ᠨᠡᠮᠡᠭᠳᠡᠬᠦᠯᠵᠤ᠂ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠶᠢ ᠮᠡᠳᠡᠭᠳᠡᠮ᠎ᠠ ᠲᠡᠭᠡᠭᠰᠢᠯᠡᠬᠦᠯᠵᠠᠢ᠃ ︽ᠤᠮᠠᠷᠠᠳᠤ ᠶᠢᠨ ᠭᠤᠷᠪᠠᠨ ᠤᠷᠤᠨ︾ ᠤ ᠬᠠᠮᠠᠭᠠᠯᠠᠯᠳᠠ ᠶᠢᠨ ᠤᠢ ᠶᠢᠨ ᠢᠨᠵᠧᠨᠧᠷᠢᠩ ᠢ ᠬᠡᠷᠡᠭᠵᠢᠬᠦᠯᠥᠭᠰᠡᠨ ᠠᠴᠠ ᠨᠠᠭᠠᠰᠢ᠂ ᠪᠦᠬᠦ ᠬᠤᠰᠢᠭᠤᠨ ᠳᠤ ᠨᠡᠶᠢᠳᠠ 84.99 ᠲᠦᠮᠡᠨ ᠮᠤ᠋ ᠰᠡᠷᠭᠡᠶᠢᠯᠡᠯᠳᠠ ᠶᠢᠨ ᠤᠢ ᠶᠢᠨ ᠢᠨᠵᠧᠨᠧᠷᠢᠩ ᠢ ᠪᠡᠶᠡᠯᠡᠬᠦᠯᠵᠤ᠂ ᠤᠢ ᠰᠢᠭᠤᠢ ᠨᠤᠳᠤᠭ ᠪᠡᠯᠴᠢᠭᠡᠷ ᠤᠨ ᠰᠡᠷᠬᠦᠭᠡᠬᠦ ᠦᠷ᠎ᠠ ᠠᠰᠢᠭ ᠢ ᠮᠡᠳᠡᠭᠳᠡᠮ᠎ᠠ ᠲᠡᠭᠡᠭᠰᠢᠯᠡᠬᠦᠯᠪᠠ᠃       ᠬᠤᠯᠪᠤᠭ᠎ᠠ ᠪᠠᠯᠭᠠᠰᠤᠨ ᠤ ᠡᠣ ᠳ᠋ᠤᠤ ᠾᠧ ᠽᠢ ᠲᠤᠰᠬᠤᠨ ᠳᠤ ᠬᠦᠷᠪᠡᠯ᠂ ᠤᠰᠤᠨ ᠲᠤᠳᠤᠷᠭ᠎ᠠ ᠶᠢᠨ ᠲᠠᠷᠢᠶ᠎ᠠ ᠨᠢ ᠨᠤᠭᠤᠭᠠᠨ ᠦᠩᠭᠡ ᠪᠠᠷ ᠬᠠᠯᠢᠭᠤᠷᠠᠨ᠂ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ︽ᠬᠤᠷᠰᠢᠶ᠎ᠠ ᠨᠢ 2016 ᠤᠨ ᠠᠴᠠ ᠡᠬᠢᠯᠡᠨ ᠤᠰᠤᠨ ᠲᠤᠳᠤᠷᠭ᠎ᠠ ᠶᠢᠨ ᠬᠠᠭᠤᠷᠠᠢ ᠲᠠᠷᠢᠮᠠᠯ ᠤᠨ ᠪᠦᠷᠬᠦᠪᠴᠢ ᠶᠢᠨ ᠤᠰᠤ ᠠᠷᠪᠢᠯᠠᠵᠤ ᠦᠷ᠎ᠠ ᠠᠰᠢᠭ ᠢ ᠲᠡᠭᠡᠭᠰᠢᠯᠡᠬᠦᠯᠬᠦ ᠮᠡᠷᠭᠡᠵᠢᠯ ᠢ ᠡᠬᠢᠯᠡᠨ ᠬᠡᠷᠡᠭᠵᠢᠬᠦᠯᠵᠤ᠂ ᠤᠶᠢᠷ᠎ᠠ ᠶᠢᠨ ᠬᠡᠳᠤᠨ ᠵᠢᠯ ᠳᠤ᠂ ᠵᠢᠯ ᠪᠦᠷᠢ 1000 ᠮᠤ᠋ ᠭᠠᠷᠤᠢ ᠤᠰᠤᠨ ᠲᠤᠳᠤᠷᠭ᠎ᠠ ᠲᠠᠷᠢᠵᠤ᠂ ᠮᠤ᠋ ᠪᠦᠷᠢ ᠠᠴᠠ 400 ᠺᠢᠯᠥᠭᠷᠠᠮ ᠬᠤᠷᠢᠶᠠᠵᠤ ᠲᠡᠶᠢᠯᠤᠨ᠎ᠠ᠃ ᠡᠨᠡᠬᠦ ᠮᠡᠷᠭᠡᠵᠢᠯ ᠤᠨ ᠬᠠᠮᠤᠭ ᠰᠠᠶᠢᠨ ᠲᠠᠯ᠎ᠠ ᠪᠤᠯ ᠤᠰᠤ ᠠᠷᠪᠢᠯᠠᠵᠤ᠂ ᠤᠯᠠᠮᠵᠢᠯᠠᠯᠳᠤ ᠤᠰᠤᠨ ᠲᠤᠳᠤᠷᠭ᠎ᠠ ᠲᠠᠷᠢᠬᠤ ᠠᠴᠠ 2/3 ᠤᠨ ᠤᠰᠤ ᠠᠷᠪᠢᠯᠠᠬᠤ ᠪᠤᠯᠤᠨ᠎ᠠ︾ ᠭᠡᠵᠤ ᠡᠣ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠲᠠᠷᠤᠭ᠎ᠠ ᠳ᠋ᠦ᠋ ᠭᠠᠩ ᠶᠠᠷᠢᠨ᠎ᠠ᠃      ᠡ᠊ᠨᠠ ᠵᠢᠯ᠂ ᠵᠠᠯᠠᠶᠢᠳ ᠬᠤᠰᠢᠭᠤ ᠭᠤᠤᠯ ᠮᠦᠷᠠᠨ ᠨᠠᠭᠤᠷ ᠴᠦᠬᠦᠷᠤᠮ ᠤᠨ ᠲᠠᠷᠤᠭ᠎ᠠ ᠶᠢᠨ ᠲᠦᠷᠢᠮ ᠢ ᠨᠡᠩ ᠴᠢᠩᠭ᠎ᠠ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠠᠴᠠ ᠲᠤᠰ ᠪᠥᠷᠢ ᠶᠡᠷᠤᠩᠬᠡᠢ ᠭᠤᠤᠯ ᠮᠦᠷᠡᠨ ᠨᠠᠭᠤᠷ ᠴᠦᠬᠦᠷᠤᠮ ᠤᠨ ᠨᠢᠭᠡᠳᠤᠭᠡᠷ ᠲᠠᠷᠤᠭ᠎ᠠ ᠪᠠ ᠶᠡᠷᠤᠩᠬᠡᠢ ᠭᠤᠤᠯ ᠮᠦᠷᠡᠨ ᠨᠠᠭᠤᠷ ᠴᠦᠬᠦᠷᠤᠮ ᠤᠨ ᠲᠠᠷᠤᠭ᠎ᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠡᠯ᠎ᠠ ᠱᠠᠳᠤᠨ ᠤ ᠭᠤᠤᠯ ᠮᠦᠷᠡᠨ ᠨᠠᠭᠤᠷ ᠴᠦᠬᠦᠷᠤᠮ ᠤᠨ ᠲᠠᠷᠤᠭ᠎ᠠ ᠶᠢᠨ ᠡᠬᠦᠷᠭᠡ ᠶᠢ ᠴᠢᠩᠭᠠᠳᠬᠠᠵᠤ᠂ ᠪᠦᠬᠦ ᠬᠤᠰᠢᠭᠤᠨ ᠤ ᠨᠠᠭᠤᠷ ᠴᠦᠬᠦᠷᠤᠮ ᠤᠨ ᠤᠷᠴᠢᠨ ᠲᠤᠭᠤᠷᠢᠨ ᠤ ᠤᠬᠢ ᠰᠠᠶᠢᠨ ᠬᠦᠭᠵᠢᠯᠳᠠ ᠶᠢ ᠪᠠᠳᠤᠯᠠᠭᠰᠠᠨ ᠪᠠᠶᠢᠨ᠎ᠠ᠃       ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠰᠠᠯᠠᠭ᠎ᠠ ᠮᠦᠴᠢᠷ ᠤᠨ ᠬᠤᠯᠪᠤᠭᠠᠯᠠᠯ᠂ ᠨᠡᠶᠢᠭᠡᠮ ᠤᠨ ᠬᠠᠮᠳᠤ ᠶᠢᠨ ᠵᠠᠰᠠᠯᠳᠠ ᠪᠠᠷ ᠲᠠᠮᠵᠢᠨ ᠭᠤᠤᠯ ᠮᠦᠷᠠᠨ ᠨᠠᠭᠤᠷ ᠴᠦᠬᠦᠷᠤᠮ ᠢ ᠲᠤᠭᠤᠷᠢᠨ ᠪᠠᠶᠢᠴᠠᠭᠠᠬᠤ ᠶᠢ ᠲᠦᠷᠢᠮᠵᠢᠬᠦᠯᠤᠨ ᠪᠠᠶᠢᠩᠭᠤᠵᠢᠭᠤᠯᠵᠤ᠂ ᠤᠰᠤ ᠰᠢᠷᠤᠢ ᠶᠢᠨ ᠢᠳᠡᠭᠳᠡᠯ ᠢ ᠶᠡᠷᠤᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠨ᠂ 265 ᠢᠳᠡᠭᠳᠡᠭᠰᠡᠨ ᠭᠤᠤ ᠪᠠ 3 ᠠᠭᠤᠯᠠᠨ ᠦᠶᠡᠷ ᠤᠨ ᠭᠤᠤ ᠶᠢ ᠴᠡᠭᠴᠡᠯᠡᠨ ᠵᠠᠰᠠᠵᠤ᠂ ᠤᠯᠤᠰ ᠤᠨ ᠤᠰᠤ ᠬᠦᠷᠤᠰᠤ ᠶᠢ ᠬᠠᠮᠠᠭᠠᠯᠠᠬᠤ ᠳᠤ ᠵᠢᠱᠢᠶᠡᠴᠢ ᠰᠢᠶᠠᠨ ᠤ ᠦᠷ᠎ᠠ ᠪᠦᠳᠤᠮᠵᠢ ᠶᠢ ᠦᠷᠬᠦᠯᠵᠢᠯᠡᠨ ᠪᠠᠳᠤᠳᠬᠠᠪᠠ᠃                        ︵ᠴᠤᠯᠮᠤᠨ ᠪᠠᠢ ᠢᠥᠢ ᠯᠢᠶᠠᠩ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号