ᠮᠠᠯ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠵᠦ ᠨᠤᠳᠤᠭ ᠪᠡᠯᠴᠢᠭᠡᠷ ᠤᠨ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠶᠢᠳᠪᠦᠷᠢᠯᠡᠵᠦ ᠪᠠᠶᠢᠭ᠎ᠠ ᠳᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/8/30
      ᠨᠤᠳᠤᠭ ᠪᠡᠯᠴᠢᠭᠡᠷ ᠪᠣᠯ ᠬᠢᠩᠭᠠᠨ ᠠᠶᠢᠮᠠᠭ ᠤᠨ ᠴᠢᠬᠤᠯᠠ ᠠᠮᠢ ᠠᠬᠤᠶ ᠶᠢᠨ ᠰᠢᠰᠲ᠋ᠧᠮ ᠪᠣᠯᠬᠤ ᠪᠦᠭᠡᠳ ᠮᠠᠯᠴᠢᠡ ᠠᠷᠠᠳ ᠤᠨ ᠤᠷᠤᠰᠢᠨ ᠠᠮᠢᠳᠤᠷᠠᠬᠤ ᠠᠮᠤᠭᠤᠯᠠᠩ ᠪᠠᠭᠤᠴᠠ ᠪᠤᠯᠤᠨ᠎ᠠ᠃ ᠤᠶᠢᠷ᠎ᠠ ᠶᠢᠨ ᠵᠢᠯ ᠤᠳ ᠲᠤ᠂ ᠨᠤᠳᠤᠭ ᠪᠡᠯᠴᠢᠭᠡᠷ ᠤᠨ ᠮᠠᠯ ᠠᠵᠦ ᠠᠬᠤᠢ ᠶᠢᠨ ᠲᠦᠷᠭᠡᠨ ᠬᠦᠭᠵᠢᠯᠳᠡ ᠶᠢ ᠲᠠᠭᠠᠯᠳᠤᠨ᠂ ᠮᠠᠯ ᠤᠨ ᠲᠤᠭ᠎ᠠ ᠲᠤᠯᠤᠭᠠᠢ ᠨᠢ ᠪᠡᠯᠴᠢᠭᠡᠷ ᠤᠨ ᠭᠡᠪᠴᠢᠶ᠎ᠡ ᠠᠴᠠ ᠲᠠᠪᠠᠭᠰᠠᠨ ᠪᠠᠶᠢᠳᠠᠯ ᠤᠯᠠᠮ ᠢᠶᠠᠷ ᠲᠣᠪᠤᠶᠢᠮ᠎ᠠ ᠪᠣᠯᠵᠣ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠲᠠᠪᠰᠢᠬᠦᠯᠬᠦ ᠨᠢ ᠨᠢᠭᠡᠨᠳᠡ ᠪᠠᠴᠢᠮ ᠲᠤᠯᠭᠠᠮ᠎ᠠ ᠠᠰᠠᠭᠤᠳᠠᠯ ᠪᠤᠯᠵᠠᠢ᠃ ᠡᠶᠢᠮᠦ ᠠᠴᠠ ᠬᠢᠩᠭᠠᠨ ᠠᠶᠢᠮᠠᠭ ᠨᠤᠳᠤᠭ ᠪᠡᠯᠴᠢᠭᠡᠷ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠪᠤᠳᠠᠳᠠᠢ ᠲᠠᠢ ᠨᠡᠶᠢᠴᠡᠭᠰᠡᠨ ᠠᠮᠢ ᠠᠬᠤᠢ ᠶᠢᠨ ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠨᠤᠭᠤᠳ ᠢ ᠵᠠᠯᠭᠠᠭ᠎ᠠ ᠪᠠᠷ ᠨᠡᠶᠢᠳᠡᠯᠡᠵᠦ᠂ ᠪᠦᠳᠦᠮᠵᠢᠳᠡᠢ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠬᠡᠷᠡᠭᠵᠢᠬᠦᠯᠦᠭᠰᠡᠨ ᠪᠠᠶᠢᠨ᠎ᠠ᠃       ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠠᠮᠢ ᠠᠬᠤᠢ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢᠨ ᠬᠤᠭᠤᠷᠣᠨᠳᠣᠬᠢ ᠬᠠᠮᠤᠭ ᠤᠨ ᠰᠠᠶᠢᠨ ᠤᠶᠠᠯᠳᠤᠯ ᠴᠡᠭ ᠢ ᠬᠠᠶᠢᠨ ᠰᠦᠪᠡᠭᠴᠢᠯᠡᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠪᠠᠷ ᠲᠠᠮᠵᠢᠭᠤᠯᠵᠦ᠂ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠵᠦᠢ ᠵᠣᠬᠢᠰᠲᠠᠢ ᠡᠵᠡᠩᠨᠡᠯᠲᠡ ᠠᠰᠢᠭᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠡᠷᠭᠦᠭᠡᠬᠦ ᠳᠤ ᠬᠦᠴᠦᠲᠡᠢ᠂ ᠬᠠᠮᠠᠭᠠᠯᠠᠬᠤ ᠳᠤ ᠪᠦᠲᠦᠮᠵᠢᠲᠡᠢ᠂ ᠠᠰᠢᠭᠯᠠᠬᠤ ᠳᠤ ᠵᠣᠬᠢᠰᠲᠠᠢ ᠠᠵᠤ ᠦᠢᠯᠡᠰ ᠢ ᠬᠥᠭᠵᠢᠭᠦᠯᠬᠦ ᠰᠢᠨ᠎ᠡ ᠪᠠᠶᠢᠷᠢᠰᠢᠯ ᠢ ᠴᠢᠷᠮᠠᠶᠢᠨ ᠪᠡᠶᠡᠯᠡᠭᠦᠯᠵᠡᠢ᠃      ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠤᠳᠠᠳᠠᠢ ᠭᠠᠴᠠᠭ᠎ᠠ ᠶᠢᠨ ᠮᠧᠩ ᠲᠧ ᠡᠬᠦᠯᠳᠡᠷ ᠤᠨ ᠮᠠᠯ ᠦᠷᠡᠵᠢᠬᠦᠯᠬᠦ ᠲᠦᠪ ᠲᠤ ᠲᠡᠷᠢ ᠲᠡᠭᠰᠢ ᠵᠢᠭᠰᠠᠭᠠᠭᠳᠠᠭᠰᠠᠨ ᠤᠳᠤᠬᠢᠴᠢᠯᠠᠭᠰᠠᠨ ᠰᠠᠷᠠᠪᠴᠢ ᠳᠤ ᠠᠵᠢᠯᠴᠢᠳ ᠮᠠᠯ ᠳᠠᠭᠠᠨ ᠡᠪᠡᠰᠦ ᠪᠤᠷᠳᠤᠭ᠎ᠠ ᠬᠠᠶᠠᠵᠦ ᠶᠠᠭᠠᠷᠠᠯᠳᠤᠵᠦ ᠪᠠᠶᠢᠯ᠎ᠠ᠃      ᠲᠣᠰ ᠰᠠᠭᠤᠷᠢᠨ ᠭᠠᠵᠠᠷ ᠪᠣᠯ ᠠᠯᠠᠰᠢᠨ ᠦᠭᠡᠷ ᠲᠡᠵᠢᠭᠡᠨ ᠦᠷᠡᠵᠢᠬᠦᠯᠬᠦ᠂ ᠡᠪᠡᠰᠦ ᠪᠤᠷᠳᠤᠭ᠎ᠠ ᠬᠠᠳᠠᠭᠠᠯᠠᠵᠦ ᠵᠦᠭᠡᠭᠡᠪᠦᠷᠢᠯᠡᠬᠦ᠂ ᠤᠷᠭᠠᠨᠢᠭ ᠪᠤᠷᠳᠤᠭᠤᠷ ᠤᠨ ᠲᠠᠯᠠᠪᠠᠢ ᠶᠢ ᠨᠢᠭᠡ ᠴᠤᠭᠴᠠᠵᠢᠭᠤᠯᠤᠭᠰᠠᠨ ᠶᠡᠷᠦᠩᠭᠡᠶᠢᠯᠡᠭᠰᠡᠨ ᠴᠢᠨᠠᠷᠳᠠᠢ ᠲᠦᠷᠦᠯ ᠵᠦᠢᠯ ᠪᠠᠶᠢᠵᠦ᠂ ᠤᠷᠤᠯᠠᠨ ᠲᠡᠵᠢᠭᠡᠵᠦ ᠠᠰᠢᠭ ᠤᠯᠵᠠᠪᠤᠷᠢ ᠶᠢ ᠬᠤᠪᠢᠶᠠᠷᠢᠯᠠᠬᠤ᠂ ᠡᠷᠦᠭᠡ ᠬᠤᠯᠪᠤᠭᠠᠯᠠᠨ ᠲᠡᠵᠢᠭᠡᠨ ᠦᠷᠡᠵᠢᠬᠦᠯᠬᠦ᠂ ᠭᠠᠴᠠᠭ᠎ᠠ ᠲᠤᠰᠬᠤᠨ ᠪᠠ ᠠᠵᠦ ᠠᠬᠤᠶᠢᠯᠠᠯ ᠬᠠᠷᠢᠯᠴᠠᠨ ᠠᠰᠢᠭᠳᠠᠢ ᠪᠠᠶᠢᠬᠤ ᠭᠤᠷᠪᠠᠨ ᠵᠦᠢᠯ ᠤᠨ ᠵᠠᠭᠪᠤᠷ ᠢᠶᠠᠷ ᠲᠠᠮᠵᠢᠭᠤᠯᠤᠨ᠂ ᠲᠡᠵᠢᠭᠡᠨ ᠦᠷᠡᠵᠢᠬᠦᠯᠬᠦ ᠬᠡᠮᠵᠢᠶ᠎ᠡ ᠶᠢ ᠨᠡᠮᠡᠭᠳᠡᠬᠦᠯᠬᠦ ᠶᠢᠨ ᠬᠠᠮᠳᠦ ᠨᠤᠳᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠪᠡᠯᠴᠢᠭᠡᠷᠯᠡᠬᠦᠯᠬᠦ ᠦᠭᠡᠢ ᠪᠠᠶᠢᠬᠤ ᠶᠢ ᠪᠠᠳᠤᠯᠠᠪᠠ᠃ ᠵᠢᠱᠢᠯᠳᠡ ᠪᠠᠷ 2025 ᠤᠨ ᠪᠤᠯᠬᠤ ᠳᠤ ᠲᠤᠰ ᠰᠠᠭᠤᠷᠢᠨ ᠭᠠᠵᠠᠷ 4000 ᠭᠠᠷᠤᠢ ᠦᠭᠡᠷ ᠲᠡᠵᠢᠭᠡᠨ ᠦᠷᠡᠵᠢᠬᠦᠯᠬᠦ ᠪᠤᠯᠵᠦ᠂ 60 ᠲᠦᠮᠡᠨ ᠨᠤᠳᠤᠭ ᠪᠡᠯᠴᠢᠭᠡᠷ ᠢ ᠰᠡᠷᠬᠦᠭᠡᠨ ᠰᠠᠶᠢᠵᠢᠷᠠᠭᠤᠯᠵᠦ ᠲᠡᠶᠢᠯᠬᠦ ᠪᠤᠯᠤᠨ᠎ᠠ᠃       ︽ᠪᠢᠳᠡ ᠮᠠᠯ ᠤᠨ ᠡᠬᠦᠯᠳᠡᠷ ᠢ ᠰᠠᠶᠢᠵᠢᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠᠷ ᠲᠠᠮᠵᠢᠭᠤᠯᠤᠨ᠂ ᠡᠬᠦᠯᠳᠡᠷ ᠤᠨ ᠴᠢᠨᠠᠷ ᠴᠢᠨᠰᠠᠭ᠎ᠠ ᠶᠢ ᠪᠦᠳᠦᠮᠵᠢᠳᠡᠢ ᠪᠠᠷ ᠲᠡᠭᠡᠭᠰᠢᠯᠡᠬᠦᠯᠵᠦ᠂ ᠨᠤᠳᠤᠭ ᠪᠡᠯᠴᠢᠭᠡᠷ ᠲᠤ ᠬᠡᠳᠦᠷᠡᠳᠡᠯ᠎ᠡ ᠪᠡᠯᠴᠢᠭᠡᠷᠯᠡᠬᠦᠯᠬᠦ ᠠᠰᠠᠭᠤᠳᠠᠯ ᠢ ᠰᠶᠢᠳᠪᠦᠷᠢᠯᠡᠵᠦ᠂ ᠨᠤᠳᠤᠭ ᠪᠡᠯᠴᠢᠭᠡᠷ ᠢ ᠰᠡᠷᠬᠦᠭᠡᠨ ᠰᠠᠶᠢᠵᠢᠷᠠᠭᠤᠯᠬᠤ ᠠᠴᠠ ᠭᠠᠳᠠᠨ᠎ᠠ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠬᠦ ᠪᠤᠯᠤᠨ᠎ᠠ︾ ᠭᠡᠵᠦ ᠬᠤᠸᠠ ᠱᠧᠩ ᠲᠠᠷᠢᠶᠠᠯᠠᠩ ᠮᠠᠯ ᠠᠵᠦ ᠠᠬᠤᠢ ᠶᠢᠨ ᠪᠡᠯᠡ ᠤᠷᠤᠭᠤᠯᠤᠯᠳᠠ ᠶᠢᠨ ᠬᠢᠵᠠᠭᠠᠷᠳᠦ ᠺᠤᠮᠫᠠᠨᠢ ᠶᠢᠨ ᠬᠤᠸᠠ ᠶᠦᠩ ᠬᠡᠯᠡᠵᠦ ᠪᠠᠶᠢᠯ᠎ᠠ᠃      ᠬᠢᠩᠭᠠᠨ ᠠᠶᠢᠮᠠᠭ ᠲᠤ ᠠᠪᠴᠦ ᠬᠡᠯᠡᠪᠡᠯ᠂ ᠬᠠᠰᠢᠶᠠᠯᠠᠨ ᠲᠡᠵᠢᠭᠡᠨ ᠦᠷᠡᠵᠢᠬᠦᠯᠬᠦ ᠨᠢ ᠨᠢᠭᠡᠨᠳᠡ ᠰᠢᠨ᠎ᠡ ᠰᠡᠪᠡᠬᠦᠨ ᠶᠠᠪᠤᠳᠠᠯ ᠪᠢᠰᠢ ᠪᠤᠯᠵᠦ᠂ ︽ᠺᠣᠮᠫᠠᠨᠢ + ᠭᠠᠴᠠᠭ᠎ᠠ ᠲᠤᠰᠬᠤᠨ ᠤ ᠨᠡᠶᠢᠳᠡ ᠶᠢᠨ ᠠᠵᠦ ᠠᠬᠤᠢ + ᠲᠤᠰᠬᠠᠢ ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠠᠰᠢᠭ ᠲᠤᠰᠠ ᠶᠢ ᠬᠤᠯᠪᠤᠭᠠᠯᠠᠬᠤ ᠠᠷᠭ᠎ᠠ ᠠᠪᠴᠠᠯ ᠢᠶᠠᠷ ᠬᠠᠰᠢᠶᠠᠯᠠᠨ ᠲᠡᠵᠢᠭᠡᠵᠦ ᠬᠠᠮᠳᠤᠪᠡᠷ ᠪᠠᠶᠠᠵᠢᠬᠤ ᠶᠢ ᠪᠡᠶᠡᠯᠡᠬᠦᠯᠪᠡ᠃ ᠡᠬᠦᠨ ᠠᠴᠠ ᠭᠠᠳᠠᠨ᠎ᠠ᠂ ᠬᠢᠩᠭᠠᠨ ᠠᠶᠢᠮᠠᠭ ᠪᠠᠰᠠ ︽ᠤᠷᠤᠯᠠᠨ ᠲᠡᠵᠢᠭᠡᠬᠦ᠂ ᠨᠡᠶᠢᠳᠠᠨ ᠲᠡᠵᠢᠭᠡᠯᠭᠡᠬᠦ ᠪᠠᠷ ᠠᠰᠢᠭ ᠤᠯᠵᠠᠪᠤᠷᠢ ᠶᠢ ᠬᠤᠪᠢᠶᠠᠷᠢᠯᠠᠬᠤ︾ ︽ᠡᠷᠦᠭᠡ ᠬᠤᠯᠪᠤᠭᠠᠯᠠᠨ ᠬᠤᠷᠰᠢᠨ ᠲᠡᠵᠢᠭᠡᠬᠦ︾ ᠵᠡᠷᠭᠡ ᠵᠠᠭᠪᠤᠷ ᠢᠶᠠᠷ ᠮᠠᠯᠴᠢᠨ ᠲᠠᠷᠢᠶᠠᠴᠢᠳ ᠭᠡᠷ ᠲᠡᠭᠡᠨ ᠰᠠᠭᠤᠵᠦ ᠪᠠᠶᠢᠭᠠᠳ ᠠᠰᠢᠭ ᠤᠯᠵᠠᠪᠤᠷᠢ ᠤᠯᠬᠤ ᠶᠢ ᠪᠡᠶᠡᠯᠡᠬᠦᠯᠵᠡᠢ᠃ ︽ᠮᠠᠨ ᠤ ᠠᠯᠠᠰᠢᠨ ᠦᠬᠡᠷ ᠢᠶᠠᠨ ᠪᠦᠬᠦᠨ ᠢ ᠰᠠᠭᠤᠷᠢᠨ ᠭᠠᠵᠠᠷ ᠲᠤ ᠬᠦᠷᠭᠡᠨ ᠲᠡᠵᠢᠭᠡᠨ ᠦᠷᠡᠵᠢᠬᠦᠯᠵᠡᠢ᠂ ᠵᠢᠯ ᠪᠦᠷᠢ ᠨᠢᠭᠡ ᠦᠭᠡᠷ ᠠᠴᠠ 2000 ᠲᠦᠭᠦᠷᠢᠭ ᠤᠨ ᠠᠰᠢᠭ ᠬᠤᠪᠢᠶᠠᠷᠢᠯᠠᠬᠤ ᠪᠤᠯᠤᠨ᠎ᠠ᠃ ᠲᠠᠷᠢᠶᠠᠯᠠᠩ ᠤᠨ ᠰᠡᠯᠡᠬᠦᠦ ᠴᠠᠭ ᠲᠤ ᠪᠠᠰᠠ ᠰᠠᠭᠤᠷᠢᠨ ᠭᠠᠵᠠᠷ ᠲᠤ ᠬᠦᠯᠦᠰᠦᠨ ᠬᠦᠴᠦᠨ ᠤ ᠠᠵᠢᠯ ᠬᠢᠬᠦ ᠪᠠᠷ ᠲᠠᠮᠵᠢᠨ᠂ ᠨᠢᠭᠡ ᠵᠢᠯ ᠳᠤ 5 ᠲᠦᠮᠡᠨ ᠲᠦᠭᠦᠷᠢᠭ ᠤᠷᠴᠢᠮ ᠤᠨ ᠤᠷᠤᠯᠭ᠎ᠠ ᠶᠢᠨ ᠨᠡᠮᠡᠭᠳᠡᠯ ᠲᠠᠢ︾ ᠭᠡᠵᠦ ᠵᠠᠯᠠᠶᠢᠤᠨ ᠬᠤᠰᠢᠭᠤᠨ ᠤ ᠪᠠᠳᠠᠷᠠᠬᠤ ᠪᠠᠯᠭᠠᠰᠤ ᠶᠢᠨ ᠤᠳᠠᠳᠠᠢ ᠭᠠᠴᠠᠭ᠎ᠠ ᠶᠢᠨ ᠪᠤᠤ ᠰᠢ ᠪᠠᠶᠠᠷᠯᠠᠨ ᠬᠡᠯᠡᠵᠦ ᠪᠠᠶᠢᠯ᠎ᠠ᠃      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠰᠠᠶᠢᠬᠠᠨᠳᠤᠪᠤ ᠭᠠᠴᠠᠭᠠᠨ ᠤ ᠮᠠᠯ ᠤᠨ ᠡᠬᠦᠯᠳᠡᠷ ᠰᠠᠶᠢᠵᠢᠷᠠᠭᠤᠯᠤᠭᠴᠢ ᠤᠣ ᠹᠦ᠋ ᠢᠦᠢ ᠶᠢᠨ ᠬᠦᠷᠢᠶᠡᠨ ᠳᠤ ᠣᠷᠣᠬᠤ ᠳᠤ ᠬᠡᠳᠦᠨ ᠠᠷᠪᠠᠨ ᠲᠤᠭᠤᠯ ᠬᠠᠰᠢᠶ᠎ᠠ ᠰᠠᠷᠠᠪᠴᠢᠨ ᠳᠠᠭᠠᠨ ᠲᠤᠭᠯᠠᠨ ᠬᠦᠶᠦᠯᠳᠦᠨ᠎ᠡ᠃ 2018 ᠣᠨ ᠠᠴᠠ ᠡᠬᠢᠯᠡᠨ᠂ ᠤᠣ ᠹᠦ᠋ ᠢᠤᠢ ᠡᠬᠦᠯᠳᠡᠷ ᠰᠠᠶᠢᠵᠢᠷᠠᠭᠤᠯᠬᠤ ᠮᠡᠷᠭᠡᠵᠢᠯ ᠢ ᠢᠳᠡᠪᠬᠢᠲᠡᠢ ᠰᠤᠷᠤᠯᠴᠠᠵᠤ᠂ ᠰᠢᠯᠢᠳᠡᠭ ᠢᠴᠡᠭᠡᠯ ᠦᠷ᠎ᠠ ᠶᠢ ᠠᠰᠢᠭᠯᠠᠨ ᠬᠡᠭᠡᠯᠳᠦᠬᠦᠯᠭᠡ ᠬᠢᠵᠡᠢ᠃ ᠤᠳᠤᠬᠠᠨ ᠪᠤᠯᠳᠠᠯ᠎ᠠ᠂ ᠤᠣ ᠹᠦ᠋ ᠢᠤᠢ 400 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ᠂ 1 ᠲᠦᠮᠡ ᠭᠠᠷᠤᠢ ᠠᠯᠠᠰᠢᠨ ᠦᠭᠡᠷ ᠤᠨ ᠡᠬᠦᠯᠳᠡᠷ ᠰᠠᠶᠢᠵᠢᠷᠠᠭᠤᠯᠤᠭᠰᠠᠨ ᠪᠠᠶᠢᠨ᠎ᠠ᠃      ᠰᠠᠶᠢᠬᠠᠨᠳᠣᠪᠤ ᠭᠠᠴᠠᠭᠠᠨ ᠤ ᠸᠧᠶ ᠱᠠᠨ ᠪᠣᠯ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠵᠦ ᠠᠰᠢᠭ ᠭᠥᠷᠳᠡᠭᠰᠡᠨ ᠡᠷᠦᠬᠡ ᠪᠣᠯᠤᠨ᠎ᠠ᠃ ︽ᠮᠠᠨ ᠤ ᠭᠡᠷ ᠤᠨ 70 ᠭᠠᠷᠤᠢ ᠠᠯᠠᠰᠢᠨ ᠦᠭᠡᠷ ᠤᠨ ᠡᠬᠦᠯᠳᠡᠷ ᠢ ᠴᠦᠮ ᠰᠠᠶᠢᠵᠢᠷᠠᠭᠤᠯᠵᠠᠢ᠂ ᠲᠤᠭᠤᠯ ᠪᠦᠷᠢ ᠠᠴᠠ ᠢᠯᠡᠬᠦᠦ 1000 — 2000 ᠲᠦᠭᠦᠷᠢᠭ ᠤᠨ ᠤᠷᠤᠯᠭ᠎ᠠ ᠤᠯᠬᠤ ᠪᠤᠯᠤᠨ᠎ᠠ︾ ᠭᠡᠵᠦ ᠡᠬᠦᠯᠳᠡᠷ ᠰᠠᠶᠢᠵᠢᠷᠠᠭᠤᠯᠤᠭᠰᠠᠨ ᠤ ᠲᠠᠷᠠᠭᠠᠬᠢ ᠬᠤᠪᠢᠷᠠᠯᠳᠠ ᠪᠠᠨ ᠶᠠᠷᠢᠬᠤ ᠳᠠᠭᠠᠨ ᠸᠧᠢ ᠱᠠᠨ ᠴᠢᠷᠠᠢ ᠲᠦᠬᠦᠷᠡᠩ ᠢᠨᠢᠶᠡᠮᠰᠦᠭᠯᠡᠵᠦ ᠪᠠᠶᠢᠯ᠎ᠠ᠃       ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠲᠡᠵᠢᠭᠡᠨ ᠦᠷᠡᠵᠢᠭᠦᠯᠬᠦ ᠶᠢ ᠲᠠᠶᠢᠴᠢᠯᠠᠨ ᠵᠢᠯᠤᠭᠤᠳᠴᠦ ᠪᠠᠶᠢᠭᠠᠳ ᠰᠢᠯᠢᠳᠡᠭ ᠡᠬᠦᠯᠳᠡᠷ ᠤᠨ ᠡᠭᠡ ᠮᠠᠯ ᠬᠤᠳᠠᠯᠳᠤᠨ ᠠᠪᠴᠢᠷᠠᠬᠤ ᠪᠤᠶᠤ ᠰᠢᠮᠧᠨ᠋ᠳᠠᠷ ᠡᠬᠦᠯᠳᠡᠷ ᠪᠤᠯᠭᠠᠨ ᠰᠠᠶᠢᠵᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠤᠬᠠᠢ ᠶᠢᠨ ᠭᠠᠵᠠᠷ ᠤᠨ ᠮᠠᠯ ᠤᠨ ᠡᠬᠦᠯᠳᠡᠷ ᠢ ᠪᠦᠳᠦᠮᠵᠢᠳᠡᠢ ᠰᠠᠶᠢᠵᠢᠷᠠᠭᠤᠯᠵᠦ᠂ ᠲᠠᠯ᠎ᠠ ᠨᠤᠲᠤᠭ ᠤᠨ ᠠᠯᠠᠰᠢᠨ ᠦᠬᠡᠷ ᠤᠨ ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃       ᠨᠢᠳᠤᠨᠤᠨ᠂ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠹᠧᠩ ᠳᠦᠨ ᠭᠠᠴᠠᠭᠠᠨ ᠤ ᠮᠠᠯᠴᠢᠨ  ᠰᠢᠶᠧ ᠢᠦᠶ ᠴᠧᠩ ᠥᠪᠡᠷ ᠤᠨ 6 ᠰᠠᠷ᠎ᠠ ᠳᠤ ᠲᠦᠷᠦᠭᠰᠡᠨ ᠲᠤᠭᠤᠯ ᠢᠶᠠᠨ 9000 ᠲᠥᠭᠦᠷᠢᠭ ᠤᠨ ᠥᠨᠳᠥᠷ ᠦᠨ᠎ᠡ ᠪᠠᠷ ᠬᠤᠳᠠᠯᠳᠤᠭᠰᠠᠨ ᠠᠴᠠ ᠡᠷᠬᠢᠨ ᠲᠤᠭᠤᠷᠢᠨ ᠤ ᠲᠡᠵᠢᠭᠡᠨ ᠦᠷᠡᠵᠢᠬᠦᠯᠬᠦ ᠡᠷᠦᠭᠡ ᠶᠢ ᠶᠡᠭᠡᠪᠡᠷ ᠪᠢᠰᠢᠷᠡᠬᠦᠯᠵᠡᠢ᠃ 2020 ᠣᠨ ᠳᠤ᠂ ᠰᠢᠶᠧ ᠢᠦᠢ ᠴᠧᠩ ᠭᠡᠷ ᠤᠨ ᠲᠡᠵᠢᠭᠡᠪᠦᠷᠢ ᠶᠢᠨ ᠡᠬᠦᠯᠳᠡᠷ ᠢ ᠰᠠᠶᠢᠵᠢᠷᠠᠭᠤᠯᠬᠤ ᠳᠤ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠦᠪᠡᠷ ᠤᠨ ᠲᠡᠵᠢᠭᠡᠨ ᠦᠷᠡᠵᠢᠬᠦᠯᠵᠦ ᠪᠠᠶᠢᠭᠰᠠᠨ ᠦᠭᠡᠷ ᠢᠶᠠᠨ ᠪᠦᠬᠦᠨ ᠢ ᠰᠢᠮᠧᠨ᠋ᠳᠡᠷ ᠦᠬᠡᠷ ᠪᠤᠯᠭᠠᠨ᠂ ᠤᠯᠠᠮᠵᠢᠯᠠᠯᠳᠦ ᠲᠡᠵᠢᠭᠡᠨ ᠦᠷᠡᠵᠢᠬᠦᠯᠬᠦ ᠠᠷᠭ᠎ᠠ ᠠᠪᠴᠠᠯ ᠢᠶᠠᠨ ᠬᠤᠪᠢᠷᠠᠭᠤᠯᠤᠨ ᠬᠠᠰᠢᠶᠠᠯᠠᠨ ᠲᠡᠵᠢᠭᠡᠨ ᠦᠷᠡᠵᠢᠬᠦᠯᠵᠦ᠂ ᠦᠭᠡᠷ ᠪᠦᠷᠢ ᠠᠴᠠ 1000 ᠲᠦᠭᠦᠷᠢᠭ ᠤᠨ ᠤᠷᠤᠯᠭ᠎ᠠ ᠶᠢᠨ ᠨᠡᠮᠡᠭᠳᠡᠯ ᠲᠠᠢ ᠪᠤᠯᠵᠦ᠂ ᠵᠢᠯ ᠤᠨ ᠤᠷᠤᠯᠭ᠎ᠠ 30 ᠲᠦᠮᠡᠨ ᠲᠦᠭᠦᠷᠢᠭ ᠠᠴᠠ ᠲᠡᠭᠡᠭᠰᠢ ᠪᠤᠯᠤᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠰᠢᠶᠧ ᠢᠦᠢ ᠴᠧᠩ ᠪᠠᠰᠠ ᠡᠷᠬᠢᠨ ᠲᠣᠭᠤᠷᠢᠨ ᠤ ᠤᠯᠠᠨ ᠲᠦᠮᠡᠨ ᠢ ᠳᠠᠶᠢᠴᠢᠯᠠᠨ ᠡᠬᠦᠯᠳᠡᠷ ᠰᠠᠶᠢᠵᠢᠷᠠᠭᠤᠯᠵᠦ ᠬᠠᠰᠢᠶᠠᠯᠠᠨ ᠲᠡᠵᠢᠭᠡᠬᠦ ᠡᠩᠨᠡᠭᠡ ᠳᠤ ᠣᠷᠣᠭᠤᠯᠵᠤ᠂ ᠠᠵᠦ ᠠᠬᠤᠢ ᠶᠢᠨ ᠦᠷ᠎ᠠ ᠠᠰᠢᠭ ᠢ ᠲᠡᠭᠡᠭᠰᠢᠯᠡᠬᠦᠯᠬᠦ ᠶᠢᠨ ᠬᠠᠮᠳᠦ ᠨᠤᠳᠤᠭ ᠪᠡᠯᠴᠢᠭᠡᠷ ᠤᠨ ᠲᠠᠷᠤᠭᠠᠰᠦ ᠶᠢ ᠬᠦᠩᠭᠡᠷᠡᠬᠦᠯᠵᠡᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠦ ᠦᠢᠯᠡᠰ ᠤᠨ ᠬᠦᠷᠢᠶᠡᠯᠡᠩ ᠳᠤ ᠤᠷᠤᠬᠤ ᠳᠤ ᠰᠦ ᠶᠢᠨ ᠦᠨᠤᠷ ᠬᠠᠩᠬᠤᠯᠵᠦ᠂ ᠡᠯ᠎ᠡ ᠵᠦᠢᠯ ᠤᠨ ᠴᠠᠭᠠᠨ ᠢᠳᠡᠭᠡᠨ ᠨᠢ ᠬᠦᠮᠦᠰ ᠤᠨ ᠠᠮᠳᠠ ᠶᠢᠨ ︽ᠬᠤᠷᠤᠬᠠᠢ︾ ᠶᠢ ᠬᠦᠳᠡᠯᠭᠡᠨ᠎ᠡ᠃ ᠰᠠᠷᠠᠭᠤᠯ ᠠᠭᠤᠵᠢᠮ᠂ ᠠᠷᠢᠭᠤᠨ ᠴᠡᠪᠡᠷ ᠠᠵᠢᠯᠯᠠᠬᠤ ᠲᠠᠰᠤᠭ ᠲᠤ ᠠᠵᠢᠯᠳᠡᠳ ᠴᠠᠭᠠᠨ ᠢᠳᠡᠭᠡᠨ ᠬᠢᠵᠦ ᠶᠠᠭᠠᠷᠠᠯᠳᠤᠨ᠎ᠠ᠃        ︽ᠠᠵᠤ ᠦᠢᠯᠡᠰ ᠤᠨ ᠬᠦᠷᠢᠶᠡᠯᠡᠩ ᠳᠤ ᠨᠡᠭᠦᠵᠦ ᠢᠷᠡᠭᠰᠡᠨ ᠤ ᠳᠠᠷᠠᠭ᠎ᠠ᠂ ᠦᠢᠯᠡᠳᠪᠦᠷᠢ ᠶᠢᠨ ᠲᠠᠰᠤᠭ ᠶᠡᠭᠡ ᠪᠤᠯᠤᠭᠰᠠᠨ ᠢᠶᠠᠷ ᠪᠠᠷᠠᠬᠤ ᠦᠭᠡᠢ᠂ ᠦᠢᠯᠡᠳᠪᠦᠷᠢᠯᠡᠯ ᠤᠨ ᠲᠤᠨᠤᠭ ᠲᠦᠬᠦᠭᠡᠷᠦᠮᠵᠢ ᠴᠤ ᠰᠢᠨᠡᠳᠴᠦ᠂ ᠭᠠᠷᠤᠯᠳᠠ ᠨᠡᠮᠡᠭᠳᠡᠨ ᠦᠢᠯᠡᠳᠬᠦᠨ ᠤ ᠲᠥᠷᠥᠯ ᠵᠦᠢᠯ ᠨᠢ ᠴᠦ ᠪᠠᠶᠠᠯᠢᠭ ᠪᠤᠯᠪᠠ᠃ ᠤᠳᠤᠬᠠᠨ ᠳᠤ᠂ ᠮᠠᠨ ᠤ ᠡᠳᠦᠷ ᠪᠦᠷᠢ ᠶᠢᠨ ᠬᠡᠷᠡᠭᠯᠡᠬᠦ ᠰᠦ ᠶᠢᠨ ᠬᠡᠮᠵᠢᠶ᠎ᠡ 1000 ᠵᠢᠩ ᠳᠤ ᠬᠦᠷᠴᠦ᠂ ᠵᠢᠯ ᠤᠨ ᠠᠰᠢᠭ ᠣᠷᠣᠯᠭ᠎ᠠ 20 ᠲᠦᠮᠡᠨ ᠲᠥᠭᠦᠷᠢᠭ ᠣᠷᠴᠢᠮ ᠬᠦᠷᠴᠦ ᠪᠠᠶᠢᠨ᠎ᠠ︾ ᠭᠡᠵᠦ ᠲᠠᠯ᠎ᠠ ᠶᠢᠨ ᠰᠢᠮ᠎ᠡ ᠰᠦ ᠶᠢᠨ ᠪᠦᠳᠦᠭᠡᠭᠳᠡᠬᠦᠨ ᠤ ᠬᠢᠵᠠᠭᠠᠷᠳᠦ ᠺᠤᠮᠫᠠᠨᠢ ᠶᠢᠨ ᠬᠠᠷᠢᠭᠤᠴᠠᠯᠭᠠᠳᠠᠨ ᠪᠠᠭᠠᠨ᠎ᠠ ᠲᠠᠨᠢᠯᠴᠠᠭᠤᠯᠤᠨ ᠬᠡᠯᠡᠨ᠎ᠠ᠃        2023 ᠣᠨ ᠤ 5 ᠰᠠᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠵᠤ᠂ 4 ᠤᠯᠠᠮᠵᠢᠯᠠᠯᠲᠤ ᠴᠠᠭᠠᠨ ᠢᠳᠡᠭᠡᠨ ᠤ ᠦᠢᠯᠡᠳᠭᠡᠯ ᠤᠨ ᠭᠠᠵᠠᠷ ᠪᠤᠯᠤᠨ ᠠᠵᠦ ᠠᠬᠤᠶᠢᠯᠠᠯ ᠢ ᠠᠵᠦ ᠦᠢᠯᠡᠰ ᠤᠨ ᠬᠦᠷᠢᠶᠡᠯᠡᠩ ᠳᠤ ᠠᠪᠴᠢᠷᠠᠪᠠ᠃ ᠣᠳᠣᠬᠠᠨ ᠳᠤ᠂ ᠠᠵᠤ ᠦᠢᠯᠡᠰ ᠤᠨ ᠬᠦᠷᠢᠶᠡᠯᠡᠩ ᠵᠢᠯ ᠪᠦ᠋ᠷᠢ ᠳᠤ 800 ᠲᠣᠨ ᠰᠦ ᠪᠤᠯᠪᠠᠰᠤᠷᠠᠭᠤᠯᠵᠦ᠂ ᠴᠡᠪᠡᠷ ᠤᠷᠤᠯᠭ᠎ᠠ ᠨᠢ 280 ᠲᠦᠮᠡᠨ ᠲᠦᠭᠦᠷᠢᠭ ᠲᠤ ᠬᠦᠷᠪᠡ᠃ ᠲᠤᠰ ᠠᠵᠦ ᠦᠢᠯᠡᠰ ᠤᠨ ᠬᠦᠷᠢᠶᠡᠯᠡᠩ ᠳᠤ ᠴᠠᠭᠠᠨ ᠢᠳᠡᠭᠡᠨ ᠦᠢᠯᠡᠳᠪᠦᠷᠢᠯᠡᠬᠦ᠂ ᠪᠤᠷᠤᠯᠠᠭᠤᠯᠬᠤ᠂ ᠰᠤᠳᠤᠯᠤᠨ ᠰᠤᠷᠤᠯᠴᠠᠬᠤ᠂ ᠵᠢᠭᠤᠯᠴᠢᠯᠠᠨ ᠲᠤᠭᠤᠷᠢᠨ ᠦᠵᠡᠬᠦ ᠵᠡᠷᠭᠡ ᠶᠢ ᠨᠢᠭᠡ ᠴᠤᠭᠴᠠᠵᠢᠭᠤᠯᠵᠦ᠂ ᠰᠢᠯᠭᠠᠨ ᠪᠠᠶᠢᠴᠠᠭᠠᠵᠦ ᠰᠢᠯᠭᠠᠨ ᠬᠡᠮᠵᠢᠬᠦ ᠲᠦᠪ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠪᠦᠳᠦᠭᠡᠭᠳᠡᠬᠦᠨ ᠤ ᠦᠵᠡᠬᠦᠯᠭᠡ ᠶᠢᠨ ᠲᠤᠭᠤᠷᠢᠭ ᠵᠢᠴᠢ ᠰᠦᠯᠵᠢᠶᠡᠨ ᠤ ᠰᠢᠭᠤᠳ ᠨᠡᠪᠳᠡᠷᠡᠬᠦᠯᠭᠡ ᠶᠢᠨ ᠲᠠᠰᠤᠭ ᠢ ᠲᠤᠬᠢᠷᠠᠭᠤᠯᠪᠠ᠃ ᠡᠭᠦᠨ ᠠᠴᠠ ᠭᠠᠳᠠᠨ᠎ᠠ᠂ ᠲᠣᠰ ᠠᠵᠤ ᠦᠢᠯᠡᠰ ᠤᠨ ᠬᠦᠷᠢᠶᠡᠯᠡᠩ ᠨᠢ ᠪᠠᠰᠠ ᠪᠥᠬᠦ ᠬᠤᠰᠢᠭᠤᠨ ᠤ 27 ᠤᠯᠠᠮᠵᠢᠯᠠᠯᠲᠤ ᠭᠠᠷ ᠦᠢᠯᠡᠳᠭᠡᠯ ᠤᠨ ᠭᠠᠵᠠᠷ ᠲᠠᠢ ᠠᠰᠢᠭ ᠲᠤᠰᠠ ᠶᠢ ᠬᠤᠯᠪᠤᠭᠠᠯᠠᠬᠤ ᠲᠤᠭᠳᠠᠴᠠ ᠶᠢ ᠪᠠᠶᠢᠭᠤᠯᠵᠦ᠂ ︽ᠬᠠᠩᠭᠠᠨ ᠪᠣᠷᠣᠯᠠᠭᠤᠯᠬᠤ ᠶᠢ ᠵᠣᠯᠭᠠᠭᠤᠯᠬᠤ᠂ ᠦᠢᠯᠡᠳᠪᠦᠷᠢᠯᠡᠯ ᠢ ᠲᠦᠷᠢᠮᠵᠢᠬᠦᠯᠬᠦ᠂ ᠬᠠᠮᠳᠤᠪᠡᠷ ᠬᠦᠭᠵᠢᠬᠦ︾ ᠠᠵᠦ ᠦᠢᠯᠡᠰ ᠤᠨ ᠬᠤᠯᠪᠤᠭᠠᠳᠦ ᠴᠤᠭᠴᠠ ᠶᠢ ᠪᠦᠷᠢᠯᠳᠦᠬᠦᠯᠵᠦ᠂ ᠦᠡᠭᠭᠡᠷᠡᠭᠰᠡᠨ ᠤ ᠤᠯᠠᠮᠵᠢᠯᠠᠯᠳᠦ ᠴᠠᠭᠠᠨ ᠢᠳᠡᠭᠡᠨ ᠬᠢᠬᠦ ᠵᠢᠵᠢᠭ ᠦᠢᠯᠡᠳᠭᠡᠯ ᠤᠨ ᠬᠦᠭᠵᠢᠯᠳᠡ ᠮᠠᠭᠤ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠡᠢ᠃       ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠵᠢᠱᠢᠶᠡᠯᠡᠪᠡᠯ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠴᠠᠭᠠᠨ ᠢᠳᠡᠭᠡᠨ ᠢ ᠡᠳ᠋ᠰᠢᠬᠦᠯᠬᠦ ᠪᠠᠷ ᠲᠠᠮᠵᠢᠭᠤᠯᠤᠨ ᠲᠡᠵᠢᠭᠡᠨ ᠦᠷᠡᠵᠢᠬᠦᠯᠬᠦ ᠠᠷᠭ᠎ᠠ ᠠᠪᠴᠠᠯ ᠢ ᠬᠤᠪᠢᠷᠠᠭᠤᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤᠮᠳᠠ ᠪᠠᠭ᠎ᠠ ᠲᠠᠯᠠᠪᠠᠢ ᠬᠢᠭᠡᠳ ᠵᠢᠵᠢᠭ ᠦᠢᠯᠡᠳᠭᠡᠯ ᠤᠨ ᠭᠠᠵᠠᠷ ᠲᠠᠢ ᠲᠣᠭᠲᠠᠭᠤᠨ ᠪᠥᠭᠡᠳ ᠨᠢᠭᠲᠠ ᠠᠰᠢᠭ ᠲᠤᠰᠠ ᠶᠢ ᠬᠤᠯᠪᠤᠭᠠᠯᠠᠬᠤ ᠲᠤᠭᠳᠠᠴᠠ ᠶᠢ ᠪᠠᠶᠢᠭᠤᠯᠪᠠ᠃ ᠡᠬᠦᠨ ᠠᠴᠠ ᠭᠠᠳᠠᠨ᠎ᠠ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠳᠡᠮᠵᠢᠯᠭᠡ ᠳᠣᠤᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠰᠠ ᠥᠪᠡᠷᠮᠢᠴᠡ ᠡᠵᠡᠩᠨᠡᠯᠲᠡ ᠶᠢᠨ ᠵᠠᠭᠪᠤᠷ ᠢ ᠪᠤᠢ ᠪᠤᠯᠭᠠᠪᠠ᠃ ᠲᠠᠷᠤᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠳᠪᠦᠷᠢᠯᠡᠵᠦ ᠡᠳ᠋ᠰᠢᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠡᠭᠡᠵᠢᠩ ᠳᠤ ᠠᠪᠠᠴᠢᠨ ᠬᠠᠳᠠᠭᠠᠯᠠᠵᠤ᠂ ᠪᠤᠷᠤᠯᠠᠭᠤᠯᠭ᠎ᠠ ᠶᠢᠨ ᠰᠢᠭᠤᠳ ᠬᠠᠩᠭᠠᠯᠭ᠎ᠠ ᠶᠢ ᠪᠡᠶᠡᠯᠡᠬᠦᠯᠵᠦ ᠴᠠᠭ ᠲᠤᠬᠠᠢ ᠳᠤᠨᠢ ᠲᠤᠬᠢᠷᠠᠭᠤᠯᠤᠨ ᠬᠦᠷᠭᠡᠵᠦ ᠲᠡᠶᠢᠯᠬᠦ ᠪᠤᠯᠭᠠᠪᠠ᠃ ᠡᠨᠡᠬᠦ ᠵᠠᠭᠪᠤᠷ ᠨᠢ ᠦᠢᠯᠡᠳᠬᠦᠨ ᠢ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠬᠦᠷᠬᠦ ᠵᠠᠢ ᠶᠢ ᠪᠠᠭᠠᠰᠬᠠᠭᠰᠠᠨ ᠢᠶᠠᠷ ᠪᠠᠷᠠᠬᠤ ᠦᠭᠡᠢ᠂ ᠨᠡᠩ ᠴᠤ ᠮᠠᠯᠴᠢᠳ ᠤᠨ ᠲᠡᠵᠢᠭᠡᠨ ᠦᠷᠡᠵᠢᠬᠦᠯᠬᠦ ᠵᠠᠭᠪᠤᠷ ᠢ ᠰᠢᠯᠢᠳᠡᠭᠵᠢᠬᠦᠯᠵᠦ᠂ ᠤᠷᠤᠯᠭ᠎ᠠ ᠶᠢᠨ ᠨᠡᠮᠡᠭᠳᠡᠯ ᠢ ᠲᠤᠭᠳᠠᠭᠤᠨ ᠢᠶᠠᠷ ᠠᠬᠢᠭᠤᠯᠪᠠ᠃                         · ᠲᠤᠯᠭᠠᠭᠤᠷᠢ ᠪᠢᠯᠢᠭ  ᠪᠤᠶᠠᠨᠳᠡᠯᠭᠡᠷ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号