ᠵᠠᠯᠠᠶᠢᠳ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2024/8/6
    ᠵᠠᠯᠠᠶᠢᠳ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠨᠠᠮ ᠤᠨ ᠲᠥᠪ ᠬᠤᠷᠢᠶᠠᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠤᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠬᠥᠳᠡᠯᠮᠦᠷᠢ ᠶᠢᠨ ᠪᠠᠲᠤᠯᠠᠭ᠎ᠠ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠠᠮᠤᠷ ᠠᠮᠤᠭᠤᠯᠠᠩ ᠤᠨ ᠪᠠᠶᠢᠭᠤᠯᠤᠯᠲᠠ ᠵᠡᠷᠭᠡ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ︾ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠳᠣᠲᠣᠭᠠᠳᠤ ᠪᠠᠶᠢᠭᠤᠯᠤᠮᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠠᠰᠤᠭ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠱᠤᠭᠤᠮ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ︾ ᠠᠵᠢᠯ ᠢ ᠬᠠᠷᠢᠭᠤᠴᠠᠵᠤ᠂ ᠪᠤᠰᠤᠳ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠦᠢᠯᠡᠰ ᠢ ᠬᠤᠪᠢᠷᠠᠭᠤᠯᠬᠤ ᠦᠭᠡᠢ᠃  ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠶᠢ ᠵᠢᠯᠣᠭᠤᠳᠬᠤ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ᠃     ︵ᠬᠤᠶᠠᠷ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠠᠬᠠᠮᠠᠳ ᠺᠠᠳ᠋ᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠭᠤᠷᠪᠠ︶ ᠡᠯ᠎ᠡ ᠰᠤᠮᠤ ᠰᠢᠶᠠᠩ ᠪᠠᠯᠭᠠᠰᠤ ᠲᠠᠢ ᠬᠠᠷᠢᠯᠴᠠᠬᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠤ ᠠᠵᠢᠯ ᠢ ᠵᠢᠯᠣᠭᠤᠳᠬᠤ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠠᠵᠢᠯ ᠢ ᠬᠠᠷᠢᠭᠤᠴᠠᠵᠤ᠂ ᠨᠠᠮ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢ ᠵᠢᠯᠣᠭᠤᠳᠬᠤ ᠶᠢ ᠬᠠᠷᠢᠭᠤᠴᠠᠨ᠎ᠠ᠃     ︵ᠲᠦᠷᠪᠡ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠰᠢᠯᠢᠳᠡᠭᠵᠢᠭᠦᠯᠦᠨ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠤᠨ᠎ᠠ᠃     ︵ᠲᠠᠪᠤ︶ ᠬᠤᠲᠠ ᠪᠠᠯᠭᠠᠰᠤ ᠨᠡᠶᠢᠭᠡᠮ ᠲᠣᠭᠤᠷᠢᠭ ᠤᠨ ᠪᠠᠶᠢᠴᠠᠭᠠᠬᠤ᠂ ᠰᠢᠯᠭᠠᠨ ᠬᠢᠨᠠᠬᠤ᠂ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠠᠳᠠᠯᠢᠳᠬᠠᠨ ᠰᠢᠯᠭᠠᠷᠠᠭᠤᠯᠬᠤ᠂ ᠬᠥᠬᠢᠭᠦᠯᠦᠨ ᠰᠠᠶᠢᠰᠢᠶᠠᠬᠤ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃     ︵ᠵᠢᠷᠭᠤᠭ᠎ᠠ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠢᠴᠢ ᠡᠯ᠎ᠡ ᠵᠦᠢᠯ ᠤᠨ ᠠᠵᠢᠯ ᠢ ᠵᠢᠯᠣᠭᠤᠳᠬᠤ ᠦᠢᠯᠡᠴᠢᠯᠡᠭᠡᠨ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠦᠴᠢᠷᠳᠡᠯ ᠪᠣᠯᠤᠨ ᠠᠰᠠᠭᠤᠳᠠᠯ ᠢ ᠬᠠᠪᠰᠤᠷᠤᠨ ᠰᠢᠢᠳᠪᠤᠷᠢᠯᠡᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠰᠠᠨᠠᠯ ᠪᠣᠯᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠲᠤᠰᠬᠠᠨ᠎ᠠ᠃     ︵ᠳᠤᠯᠤᠭ᠎ᠠ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠨ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠵᠤ ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠠᠨᠠᠯ ᠰᠠᠨᠠᠭᠤᠯᠭ᠎ᠠ ᠳᠤᠷᠠᠳᠴᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠪᠡᠯᠡ ᠮᠥᠩᠭᠦ ᠶᠢ ᠢᠳᠡᠪᠬᠢᠯᠡᠨ ᠣᠯᠵᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ  ᠠᠬᠢᠭᠤᠯᠤᠨ᠎ᠠ᠃     ︵ᠨᠠᠢᠮᠠ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠪᠠ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ ᠤᠨ ᠲᠤᠰᠠᠯᠠᠮᠵᠢ᠂ ᠵᠡᠮᠳᠡᠭᠴᠦᠳ ᠤᠨ ᠪᠠᠲᠤᠯᠠᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠮᠡᠷᠭᠡᠵᠢᠯ ᠴᠢᠳᠠᠪᠤᠷᠢ ᠵᠢᠴᠢ ᠠᠵᠢᠯ ᠣᠯᠭᠤᠯᠲᠠ ᠶᠢᠨ ᠪᠣᠯᠪᠠᠰᠤᠷᠠᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠦᠨ᠎ᠡ᠃     ︵ᠶᠢᠰᠦ︶ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠲᠣᠤᠷᠵᠢᠭᠤᠯᠤᠭᠰᠠᠨ ᠬᠠᠮᠢᠶᠠᠷᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠢᠶᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠪᠠᠷ ᠬᠤᠰᠢᠭᠤ ᠪᠠᠨ ᠵᠠᠰᠠᠬᠤ ᠵᠡᠷᠭᠡ ᠵᠠᠰᠠᠭ ᠵᠠᠬᠢᠷᠭᠠᠨ ᠤ ᠬᠠᠪᠰᠤᠷᠤᠮᠵᠢ ᠪᠣᠯᠬᠤ ᠴᠢᠨᠠᠷᠲᠠᠶ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ︵ᠠᠷᠪᠠ︶ ᠬᠤᠰᠢᠭᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  
 
ᠢᠷᠡᠯᠲᠡ᠄ ᠵᠠᠯᠠᠶᠢᠳ ᠬᠤᠰᠢᠭᠤᠨ ᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号