ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/8/6
     ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ ᠬᠡᠷᠡᠭᠵᠢᠭᠦᠯᠦᠨ᠎ᠡ᠃     ︵ᠬᠤᠶᠠᠷ︶ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠳᠤᠮᠳᠠ ᠵᠡᠷᠭᠡ ᠶᠢᠨ ᠵᠢᠴᠢ ᠲᠡᠭᠦᠨ ᠠᠴᠠ ᠳᠣᠷᠣᠭᠰᠢᠬᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢ ᠪᠦᠷᠢᠳᠬᠡᠬᠦ᠂ ᠵᠠᠳᠠᠯᠬᠤ ᠪᠠ ᠨᠡᠶᠢᠲᠡᠯᠡᠬᠦ ᠶᠢ ᠬᠠᠷᠢᠭᠤᠴᠠᠨ᠎ᠠ᠃      ︵ᠭᠤᠷᠪᠠ︶ ᠪᠥᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃     ︵ᠲᠦᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠤᠨ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃     ︵ᠲᠠᠪᠤ︶ ᠲᠤᠰ ᠰᠠᠯᠠᠭ᠎ᠠ ᠮᠦᠴᠢᠷ ᠤᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ᠂ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ᠂ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠢᠭᠤᠯᠤᠯᠲᠠ ᠳᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠪᠦᠷᠢᠳᠬᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢ ᠬᠠᠷᠢᠭᠤᠴᠠᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠥᠨᠳᠥᠷ ᠬᠢᠷᠢ ᠲᠦᠪᠰᠢᠨ ᠪᠦᠬᠦᠢ ᠴᠢᠨᠠᠷ ᠰᠠᠶᠢᠲᠠᠶ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠦᠨᠳᠦᠰᠦᠲᠡᠨ ᠤ ᠰᠠᠭᠤᠷᠢ ᠰᠤᠷᠭᠠᠨ ᠬᠥᠮᠦᠵᠢᠯ ᠪᠠ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠠᠵᠢᠯ ᠢ ᠵᠢᠯᠣᠭᠤᠳᠴᠤ ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃     ︵ᠳᠤᠯᠤᠭ᠎ᠠ︶ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠨᠠᠢᠮᠠ︶ ᠪᠦᠬᠦ ᠬᠤᠰᠢᠭᠤᠨ ᠤ ᠡᠩ ᠤᠨ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠵᠢᠴᠢ ᠥᠪᠡᠰᠦᠪᠡᠨ ᠰᠤᠷᠤᠯᠴᠠᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠲᠤᠷᠠᠭᠰᠠᠨ ᠰᠢᠯᠭᠠᠯᠲᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃     ︵ᠶᠢᠰᠦ︶ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠥᠭᠡᠷᠡᠴᠢᠯᠡᠯᠲᠡ ᠶᠢ ᠵᠢᠯᠣᠭᠤᠳᠴᠤ᠂ ᠠᠵᠢᠯ ᠮᠡᠷᠭᠡᠵᠢᠯ ᠤᠨ ᠵᠢᠯᠣᠭᠤᠳᠬᠤ ᠠᠵᠢᠯ ᠢ ᠥᠷᠨᠢᠭᠦᠯᠦᠨ᠎ᠡ᠃     ︵ᠠᠷᠪᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ ᠬᠡᠷᠡᠭᠵᠢᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃     ︵ᠠᠷᠪᠠᠨ ᠨᠢᠭᠡ︶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠲᠥᠯᠥᠪᠵᠢᠭᠦᠯᠭᠡ ᠲᠣᠭᠲᠠᠭᠠᠨ ᠬᠡᠷᠡᠭᠵᠢᠭᠦᠯᠬᠦ ᠶᠢ ᠬᠠᠷᠢᠭᠤᠴᠠᠵᠤ᠂ ᠠᠯᠪᠠᠨ ᠠᠴᠠ ᠡᠷᠬᠢᠯᠡᠭᠰᠡᠨ ᠪᠠ ᠨᠡᠶᠢᠭᠡᠮ ᠤᠨ ᠬᠦᠴᠦᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ ᠢ ᠵᠢᠯᠣᠭᠤᠳᠬᠤ ᠪᠠ ᠬᠠᠮᠢᠶᠠᠷᠤᠨ᠎ᠠ᠃      ︵ᠠᠷᠪᠠᠨ ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡᠳᠦᠭᠡᠷ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠵᠠᠯᠠᠭᠤᠴᠤᠳ ᠢᠳᠡᠷᠴᠦᠳ ᠤᠨ ᠰᠣᠶᠣᠯ ᠤᠨ ᠪᠠᠯᠠᠢ ᠶᠢ ᠠᠷᠢᠯᠭᠠᠬᠤ ᠪᠠ ᠳᠤᠮᠳᠠᠳᠤ ᠪᠠᠭ᠎ᠠ ᠰᠤᠷᠭᠠᠭᠤᠯᠢ ᠳᠤ ᠬᠡᠪ ᠴᠢᠨᠠᠷ ᠤᠨ ᠰᠤᠷᠭᠠᠨ ᠬᠥᠮᠦᠵᠢᠯ ᠤᠨ ᠠᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃     ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃     ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号