ᠵᠠᠯᠠᠶᠢᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/8/6
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠥᠰᠦᠭᠡᠯᠡᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠠᠶᠤᠯᠭᠦᠶ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ︵ᠬᠤᠶᠠᠷ︶ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠶᠡᠷᠦᠩᠬᠡᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠬᠡᠢ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠦᠨ᠂ ᠵᠠᠯᠠᠶᠢᠳ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠬᠢᠨᠠᠯᠲᠠ ᠲᠠᠯᠪᠢᠨ ᠰᠢᠯᠭᠠᠨ ᠬᠢᠨᠠᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠬᠢᠵᠠᠭᠠᠷᠯᠠᠬᠤ ᠭᠦᠢᠴᠡᠳᠬᠡᠯ ᠲᠤᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠶᠢᠴᠠᠭᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠨ᠎ᠠ᠃      ︵ᠭᠤᠷᠪᠠ︶  ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠱᠠᠳᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ᠂ ᠠᠶᠤᠯᠭᠦᠢ ᠦᠢᠯᠡᠳᠪᠦᠷᠢᠯᠡᠯ ᠤᠨ ᠪᠡᠯᠡ ᠮᠥᠩᠭᠦ ᠶᠢ ᠠᠰᠢᠭᠯᠠᠯᠲᠠ ᠳᠤ ᠣᠷᠣᠭᠤᠯᠵᠤ ᠬᠡᠷᠡᠭᠯᠡᠭᠰᠡᠨ ᠪᠠᠶᠢᠳᠠᠯ ᠪᠣᠯᠤᠨ ᠬᠤᠯᠪᠣᠭᠳᠠᠯ ᠪᠦᠬᠦᠢ ᠠᠶᠤᠯᠭᠦᠢ ᠶᠢᠨ ᠲᠥᠬᠦᠭᠡᠷᠦᠮᠵᠢ᠂ ᠲᠥᠬᠦᠭᠡᠷᠦᠮᠵᠢ ︵ᠣᠨᠴᠠ ᠲᠦᠷᠦᠯ ᠤᠨ ᠲᠥᠬᠦᠭᠡᠷᠦᠮᠵᠢ ᠨᠢ ᠡᠭᠦᠨ ᠳᠤ ᠪᠠᠭᠲᠠᠬᠤ ᠦᠭᠡᠢ  ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ   ᠢ ᠬᠢᠨᠠᠯᠳᠠ ᠲᠠᠯᠪᠢᠨ ᠪᠠᠶᠢᠴᠠᠭᠠᠨ᠎ᠠ᠃      ︵ᠲᠦᠷᠪᠡ︶ ᠵᠠᠯᠠᠶᠢᠳ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠪᠠ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ  ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ︵ᠲᠠᠪᠤ︶ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯᠯᠠᠬᠤ ᠭᠠᠵᠠᠷ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠮᠤᠷ ᠲᠦᠪᠰᠢᠨ ᠤ ᠵᠥᠪᠰᠢᠶᠡᠷᠡᠯ ᠤᠨ ᠭᠠᠷᠳᠠᠮ ᠢ ᠬᠢᠨᠠᠨ ᠪᠠᠶᠢᠴᠠᠭᠠᠵᠤ ᠬᠠᠮᠢᠶᠠᠷᠬᠤ ᠠᠵᠢᠯ ᠢ ᠬᠠᠷᠢᠭᠤᠴᠠᠵᠤ᠂ ᠠᠵᠢᠯ ᠮᠡᠷᠭᠡᠵᠢᠯ ᠤᠨ ᠠᠶᠤᠯ ᠲᠠᠢ ᠡ᠊ᠨᠳᠡᠯ ᠪᠣᠯᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃     ︵ᠵᠢᠷᠭᠤᠭ᠎ᠠ︶ ᠬᠦᠨᠳᠦ ᠶᠡᠭᠡ ᠠᠶᠤᠯ ᠲᠦᠭᠰᠢᠭᠦᠷᠢ ᠶᠢ ᠬᠢᠨᠠᠨ ᠡᠵᠡᠮᠳᠡᠬᠦ ᠪᠠ ᠬᠦᠨᠳᠦ ᠶᠡᠭᠡ ᠡ᠊ᠨᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠡᠳᠦᠶ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ  ᠨᠢᠭᠡᠴᠢ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠳᠤᠯᠤᠭ᠎ᠠ︶ ᠵᠠᠯᠠᠶᠢᠳ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠵᠠᠯᠠᠶᠢᠳ ᠬᠤᠰᠢᠭᠤᠨ ᠤ ᠡᠩ ᠤᠨ ᠦᠢᠯᠡᠳᠪᠦᠷᠢᠯᠡᠯ ᠤᠨ ᠡ᠊ᠨᠳᠡᠯ ᠢ ᠨᠡᠷ᠎ᠡ ᠵᠢᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ ᠡᠭᠦᠷᠭᠡᠯᠡᠵᠦ᠂ ᠡ᠊ᠨᠳᠡᠯ ᠢ ᠪᠠᠶᠢᠴᠠᠭᠠᠨ ᠰᠢᠢᠳᠪᠦᠷᠢᠯᠡᠭᠰᠡᠨ ᠪᠠ ᠬᠠᠷᠢᠭᠤᠴᠠᠯᠭ᠎ᠠ ᠶᠢ ᠶᠠᠷᠢᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃     ︵ᠨᠠᠢᠮᠠ︶ ᠠᠶᠦᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠂ ᠠᠶᠦᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠠᠶᠦᠯᠭᠦᠢ ᠦᠢᠯᠡᠳᠪᠦᠷᠢᠯᠡᠯ ᠤᠨ ᠡ᠊ᠨᠳᠡᠯ ᠪᠣᠯᠤᠨ ᠠᠶᠦᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠪᠦᠷᠢᠳᠬᠡᠨ ᠵᠠᠳᠠᠯᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃     ︵ᠶᠢᠰᠦ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠭᠡᠨ ᠪᠠᠶᠢᠭᠤᠯᠤᠭᠰᠠᠨ ᠢᠨᠵᠧᠨᠧᠷᠢᠩ ᠤᠨ ᠠᠮᠤᠷ ᠲᠦᠪᠰᠢᠨ ᠤ ᠲᠦᠭᠦᠭᠡᠷᠦᠮᠵᠢ ᠶᠢ ᠭᠤᠤᠯ ᠴᠣᠭᠴᠠ ᠶᠢᠨ ᠢᠨᠵᠧᠨᠧᠷᠢᠩ ᠯᠤᠭ᠎ᠠ ᠬᠠᠮᠲᠤ ᠳᠤᠨᠢ ᠵᠢᠷᠤᠵᠤ ᠲᠥᠯᠥᠪᠯᠡᠭᠰᠡᠨ᠂ ᠬᠠᠮᠲᠤ ᠳᠤᠨᠢ ᠪᠠᠷᠢᠯᠭ᠎ᠠ ᠪᠠᠷᠢᠭᠰᠠᠨ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠠᠷᠪᠠ︶ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠤᠨ ᠵᠣᠬᠢᠴᠠᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠰᠣᠯᠢᠯᠴᠠᠭ᠎ᠠ ᠪᠠ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠨᠢᠭᠡ︶ ᠪᠦᠬᠦ ᠠᠶᠦᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠣᠨᠴᠠ ᠲᠥᠷᠥᠯ ᠤᠨ ᠠᠵᠢᠯᠯᠠᠭᠰᠠᠳ ᠤᠨ ᠬᠢᠨᠠᠨ ᠰᠢᠯᠭᠠᠬᠤ ᠠᠵᠢᠯ ᠪᠣᠯᠤᠨ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ  ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠶᠢᠨ ᠬᠢᠷᠢ ᠬᠡᠮ  ︵ ᠨᠡᠭᠦᠷᠡᠰᠦᠨ ᠠᠭᠤᠷᠬᠠᠢ ᠶᠢᠨ ᠳᠠᠷᠤᠭ᠎ᠠ ᠶᠢᠨ ᠠᠮᠤᠷ ᠲᠦᠪᠰᠢᠨ ᠤ ᠬᠢᠷᠢ ᠭᠡᠮ ᠠᠴᠠ ᠪᠤᠰᠤᠳ︶ ᠬᠢᠨᠠᠨ ᠰᠢᠯᠭᠠᠬᠤ ᠠᠵᠢᠯ ᠢ ᠱᠠᠭᠠᠷᠳᠠᠨ  ᠪᠠᠶᠢᠴᠠᠭᠠᠵᠤ᠂  ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ  ᠨᠢᠭᠡᠴᠢ ᠶᠢᠨ ᠠᠶᠤᠯᠭᠦᠢ ᠦᠢᠯᠡᠳᠪᠦᠷᠢᠯᠡᠯ ᠪᠠ ᠠᠵᠢᠯ ᠮᠡᠷᠭᠡᠵᠢᠯ ᠤᠨ ᠠᠮᠤᠷ ᠲᠦᠪᠰᠢᠨ ᠤ ᠪᠣᠯᠪᠠᠰᠤᠷᠠᠯ ᠤᠨ ᠠᠵᠢᠯ ᠢ ᠬᠢᠨᠠᠨ ᠪᠠᠶᠢᠴᠠᠭᠠᠨ᠎ᠠ᠃      ︵ᠠᠷᠪᠠᠨ ᠬᠤᠶᠠᠷ︶ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠨ ᠰᠢᠯᠭᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠠᠶᠤᠯᠭᠦᠶ ᠦᠢᠯᠡᠳᠪᠦᠷᠢᠯᠡᠯ ᠤᠨ ᠨᠡᠶᠢᠭᠡᠮ ᠤᠨ ᠵᠠᠭᠤᠴᠢ ᠪᠠᠶᠢᠭᠤᠯᠤᠮᠵᠢ ᠪᠠ ᠠᠮᠤᠷ ᠲᠦᠪᠰᠢᠨ ᠤ ᠦᠨᠡᠯᠡᠯᠲᠡ ᠶᠢᠨ ᠠᠵᠢᠯ ᠢ ᠬᠢᠨᠠᠨ ᠬᠠᠮᠢᠶᠠᠷᠤᠨ᠎ᠠ᠃      ︵ᠠᠷᠪᠠᠨ ᠭᠤᠷᠪᠠ︶ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃      ︵ᠠᠷᠪᠠᠨ ᠳᠥᠷᠪᠡᠳᠦᠭᠡᠷ︶ ᠬᠢᠮᠢ ᠶᠢᠨ ᠪᠤᠳᠠᠰ ᠤᠨ  ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠢ ᠠᠵᠢᠯ ᠪᠣᠯᠤᠨ ᠬᠤᠸᠠᠷ ᠫᠤᠤᠵᠢᠩ ᠤᠨ ᠦᠢᠯᠡᠳᠪᠦᠷᠢᠯᠡᠯ᠂ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠦᠯᠡᠳᠡᠭᠳᠡᠯ  ᠠᠭᠤᠷᠬᠠᠢ ᠶᠢᠨ ᠬᠥᠮᠥᠷᠭᠡ ᠶᠢ ᠲᠤᠰᠬᠠᠶ ᠴᠡᠭᠴᠡᠯᠡᠨ ᠵᠠᠰᠠᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠯᠠᠶᠢᠳ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠪᠢ ᠳᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号