ᠰᠠᠶᠢᠨ ᠴᠢᠮᠡᠭᠡ︕ ᠵᠢᠯ ᠪᠦᠷᠢ 20 ᠲᠦᠮᠡᠨ ᠮᠢᠠᠬᠨ ᠬᠤᠨᠢ ᠪᠤᠷᠤᠯᠠᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠵᠤ ᠪᠤᠢ ᠰᠠᠶᠢᠨ ᠴᠢᠮᠡᠭᠡ︕ ᠵᠢᠯ ᠪᠦᠷᠢ 20 ᠲᠦᠮᠡᠨ ᠮᠢᠠᠬᠨ ᠬᠤᠨᠢ ᠪᠤᠷᠤᠯᠠᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2024/8/6
    8 ᠰᠠᠷ᠎ᠠ ᠶᠢᠨ 5 ᠤ ᠡᠳᠦᠷ᠂ ᠵᠠᠯᠠᠶᠢᠳ ᠬᠤᠰᠢᠭᠤ ᠵᠢᠯ ᠳᠤ 20 ᠲᠦᠮᠡᠨ ᠮᠢᠬᠠᠨ ᠬᠤᠨᠢ ᠪᠤᠷᠤᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠨ ᠪᠥᠲᠥᠭᠡᠨ ᠪᠠᠶᠢᠭᠤᠯᠪᠠ᠃ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠨᠢ ᠵᠠᠯᠠᠶᠢᠳ ᠬᠤᠰᠢᠭᠤᠨ ᠤ ᠬᠤᠷᠠᠭ᠎ᠠ ᠪᠣᠷᠳᠣᠵᠤ ᠲᠡᠵᠢᠭᠡᠨ ᠦᠷᠡᠵᠢᠭᠦᠯᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠶᠡᠭᠡ ᠪᠠᠷ ᠬᠦᠭᠵᠢᠭᠦᠯᠵᠤ᠂ ᠮᠢᠬᠠᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠳᠤ ᠪᠠᠰᠠ ᠡᠯᠪᠡᠭ ᠪᠠᠶᠠᠯᠢᠭ ᠦᠷ᠎ᠡ ᠪᠦᠲᠦᠭᠡᠯ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃     ᠲᠣᠰ ᠲᠥᠷᠥᠯ ᠵᠤᠶᠢᠯ ᠪᠣᠯ ᠵᠠᠯᠠᠶᠢᠳ ᠬᠤᠰᠢᠭᠤ ︽ᠲᠠᠪᠤᠨ ᠶᠡᠭᠡ ᠡᠭᠦᠷᠭᠡ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠪᠠᠷ ᠳᠠᠮᠵᠢᠭᠤᠯᠤᠨ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ ᠲᠥᠷᠥᠯ ᠵᠤᠶᠢᠯ ᠪᠣᠯᠤᠨ᠎ᠠ ᠂ ᠮᠥᠨ ᠴᠦ ᠤᠯᠤᠰ ᠤᠨ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠵᠢᠴᠢ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠤᠷᠢᠯᠡᠬᠦ ᠲᠤᠷᠰᠢᠯᠲᠠ ᠶᠢᠨ ᠴᠡᠭ ᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠨᠢᠭᠡ ᠪᠣᠯᠤᠨ᠎ᠠ᠂ ᠲᠤᠰ ᠲᠥᠷᠥᠯ ᠵᠤᠶᠢᠯ ᠨᠢ ᠪᠠᠶᠠᠨᠭᠤᠤᠯ ᠪᠠᠯᠭᠠᠰᠤᠨ ᠤ ᠶᠦᠩ ᠾᠧ ᠲᠣᠰᠬᠤᠨ ᠳᠤ ᠪᠠᠶᠢᠷᠢᠯᠠᠵᠤ᠂ 295 ᠮᠥ ᠲᠠᠯᠠᠪᠠᠶ ᠡᠵᠡᠯᠡᠵᠦ᠂ 6.66 ᠲᠦᠮᠡᠨ ᠲᠡᠭᠰᠢ ᠳᠥᠷᠪᠡᠯᠵᠢᠨ ᠮᠧᠲᠷ ᠶᠡᠷᠦᠩᠬᠡᠶ ᠪᠠᠷᠢᠯᠭ᠎ᠠ ᠶᠢᠨ ᠲᠠᠯᠠᠪᠠᠶ ᠲᠠᠢ ᠪᠠᠶᠢᠵᠤ᠂ ᠬᠤᠨᠢᠨ ᠬᠠᠰᠢᠶ᠎ᠠ 40᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠤᠶᠢᠯᠡᠳᠪᠤᠷᠢ᠂ ᠠᠵᠢᠯᠲᠠᠨ ᠤ ᠠᠷᠢᠭᠤᠳᠬᠠᠬᠤ ᠵᠠᠮ ᠵᠢᠴᠢ ᠪᠤᠰᠤᠳ ᠳᠠᠭᠠᠯᠲᠠ ᠲᠥᠬᠦᠭᠡᠷᠦᠮᠵᠢ ᠵᠡᠷᠭᠡ ᠶᠢ ᠪᠥᠲᠥᠭᠡᠨ ᠪᠠᠶᠢᠭᠤᠯᠤᠨ᠎ᠠ᠃     ᠲᠣᠰ ᠲᠥᠷᠥᠯ ᠵᠦᠢᠯ ᠢ 2024 ᠣᠨ ᠤ 8 ᠰᠠᠷ᠎ᠠ ᠳᠤ ᠡᠬᠢᠯᠡᠭᠦᠯᠵᠦ᠂ 12 ᠰᠠᠷ᠎ᠠ ᠳᠤ ᠳᠠᠭᠤᠰᠬᠠᠨ᠎ᠠ᠃ ᠲᠦᠷᠦᠯ ᠵᠦᠢᠯ ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠵᠢᠯ ᠳᠤ ᠲᠦᠷᠪᠡ ᠤᠳᠠᠭ᠎ᠠ ᠪᠤᠷᠳᠤᠨ ᠲᠠᠷᠭᠤᠯᠠᠭᠤᠯᠵᠤ ᠂ ᠤᠳᠠᠭ᠎ᠠ ᠪᠦᠷᠢ 5 ᠲᠦᠮᠡᠨ ᠬᠤᠨᠢ ᠪᠤᠷᠳᠤᠵᠤ᠂ ᠵᠢᠯ ᠪᠦᠷᠢ ᠲᠤᠮᠳᠠᠴᠢ ᠪᠠᠷ 20 ᠲᠦᠮᠡᠨ ᠮᠢᠠᠬᠨ ᠬᠤᠨᠢ ᠶᠢ ᠵᠠᠬ᠎ᠠ ᠲᠡᠯᠭᠡᠭᠦᠷ ᠲᠤ ᠭᠠᠷᠭᠠᠬᠤ ᠬᠠᠷᠠᠯᠲᠠ ᠶᠢ ᠪᠡᠶᠡᠯᠡᠭᠦᠯᠵᠤ᠂ ᠪᠤᠷᠳᠤᠨ ᠲᠠᠷᠭᠤᠯᠠᠭᠤᠯᠬᠤ ᠦᠢᠯᠡᠳᠪᠤᠷᠢᠯᠡᠯ ᠤᠨ ᠦᠢᠯᠡᠳᠬᠦᠨ ᠤ ᠦᠷᠲᠡᠭ  ᠨᠢ 2.6 ᠳ᠋ᠦᠩᠰᠢᠭᠤᠷ ᠲᠦᠬᠦᠷᠢᠭ ᠲᠤ ᠲᠤᠯᠵᠤ᠂ 50 ᠭᠠᠷᠤᠢ ᠬᠦᠮᠦᠨ ᠳᠤ ᠰᠢᠭᠤᠳ ᠠᠵᠢᠯ ᠤᠯᠭᠤᠨ᠎ᠠ᠂ ᠤᠶᠢᠷ᠎ᠠ ᠬᠠᠪᠢ ᠶᠢᠨ 2 ᠲᠦᠮᠡᠨ ᠲᠣᠨ ᠡᠰᠢ ᠰᠦᠷᠡᠯ ᠢ ᠬᠡᠷᠡᠭᠯᠡᠵᠤ᠂ ᠮᠢᠩᠭ᠎ᠠ ᠭᠠᠷᠤᠶ ᠡᠷᠦᠬᠡ ᠮᠠᠯᠴᠢᠨ ᠲᠠᠷᠢᠶᠠᠴᠢᠨ ᠢ ᠳᠠᠮ ᠢᠶᠠᠷ ᠳᠠᠶᠢᠴᠢᠯᠠᠨ ᠠᠰᠢᠭ ᠬᠦᠷᠲᠡᠭᠡᠵᠤ 360 ᠭᠠᠷᠤᠶ ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠤᠨ᠎ᠡ᠂ 90 ᠲᠦᠮᠡ ᠰᠢᠬᠠᠮ ᠮᠦ ᠪᠡᠯᠴᠢᠭᠡᠷ ᠢ ᠠᠮᠤᠷᠵᠢᠭᠤᠯᠤᠨ ᠰᠡᠷᠭᠦᠭᠡᠵᠦ᠂ ᠮᠠᠯ ᠪᠡᠯᠴᠢᠭᠡᠷ ᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠤᠨ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠪᠣᠯᠣᠨ᠎ᠠ᠃     ᠠᠵᠢᠯ ᠡᠬᠢᠯᠡᠬᠦ ᠶᠣᠰᠣᠯᠠᠯ ᠳᠡᠭᠡᠷ᠎ᠡ᠂ ᠬᠠᠷᠠᠮᠥ᠋ᠷᠡᠨ ᠤ ᠶᠢᠩ ᠰᠢᠶᠠᠩ ᠯᠢ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠵᠠᠯᠠᠶᠢᠳ ᠬᠤᠰᠢᠭᠤᠨ ᠤ ᠬᠤᠸᠠ ᠱᠧᠩ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠵᠢᠦ ᠹᠦ᠋ ᠶᠠᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠡᠵᠡᠩᠨᠡᠯᠲᠡ᠂ ᠪᠣᠷᠣᠯᠠᠭᠤᠯᠭ᠎ᠠ ᠶᠢᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃     ︽ᠪᠠᠷᠢᠯᠭ᠎ᠠ ᠪᠠᠷᠢᠬᠤ ᠪᠠᠶᠢᠭᠤᠯᠭ᠎ᠠ ᠨᠢᠭᠡᠴᠢ ᠪᠣᠯᠤᠭᠰᠠᠨ ᠤ ᠬᠤᠪᠢ ᠳᠤ᠂ ᠪᠢᠳᠡ ᠪᠠᠷᠢᠯᠭ᠎ᠠ ᠪᠠᠷᠢᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠵᠦᠶ ᠵᠣᠬᠢᠰᠲᠠᠶ ᠳᠣᠭᠢᠷᠠᠭᠤᠯᠤᠨ᠂ ᠠᠮᠤᠷ ᠲᠦᠪᠰᠢᠨ᠂ ᠶᠠᠰᠤ ᠴᠢᠨᠠᠷ᠂ ᠪᠠᠷᠢᠯᠭ᠎ᠠ ᠶᠢᠨ ᠬᠤᠭᠤᠴᠠᠭ᠎ᠠ ᠵᠡᠷᠭᠡ ᠠᠭᠤᠯᠭ᠎ᠠ ᠶᠢ ᠵᠦᠶ ᠵᠣᠬᠢᠰᠲᠠᠶ ᠰᠢᠯᠢᠳᠡᠭᠵᠢᠭᠦᠯᠵᠦ᠂ ᠪᠠᠷᠢᠯᠭ᠎ᠠ ᠶᠢ ᠰᠣᠳᠣᠨ ᠢᠨᠵᠧᠨᠧᠷᠢᠩ᠂ ᠥᠯᠢᠭᠡᠷ ᠳᠠᠭᠤᠷᠢᠶᠠᠯᠳᠤ ᠢᠨᠵᠧᠨᠧᠷᠢᠩ ᠪᠣᠯᠭᠠᠬᠤ ᠶᠢ ᠦᠨᠡᠨ ᠬᠦ ᠪᠠᠲᠤᠯᠠᠨ᠎ᠠ︾ ᠭᠡᠵᠤ ᠬᠠᠷᠠᠮᠥ᠋ᠷᠡᠨ ᠤ ᠶᠢᠩ ᠰᠢᠶᠠᠩ ᠯᠢ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠱᠤᠤ ᠵᠧᠨ ᠶᠢᠦ ᠬᠡᠯᠡᠪᠡ᠃     ︽ᠲᠣᠰ ᠲᠥᠷᠥᠯ ᠵᠤᠶᠢᠯ ᠨᠢ ᠪᠣᠷᠳᠣᠵᠤ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠭᠤᠭᠴᠤᠭ᠎ᠠ  ᠪᠠᠷ ᠳᠠᠮᠵᠢᠭᠤᠯᠤᠨ᠂ ᠬᠤᠷᠠᠭᠠᠨ ᠤ ᠪᠦᠷᠢᠨ ᠪᠦᠲᠦᠨ ᠠᠵᠤ ᠤᠶᠢᠯᠡᠰ ᠤᠨ ᠲᠠᠪᠴᠠᠩ ᠢ ᠪᠠᠶᠢᠭᠤᠯᠵᠤ᠂ ᠳᠥᠷᠪᠡᠨ ᠤᠯᠠᠷᠢᠯ ᠳᠤ ᠵᠠᠬ᠎ᠠ ᠲᠡᠯᠭᠡᠭᠦᠷ ᠲᠤ ᠭᠠᠷᠭᠠᠬᠤ ᠳᠤᠲᠠᠭᠤᠳᠠᠯ ᠢ ᠨᠥᠬᠦᠪᠥᠷᠢᠯᠡᠵᠦ᠂ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠣᠷᠣᠭᠤᠯᠤᠨ ᠠᠪᠴᠢᠷᠠᠵᠤ᠂ ︽ᠡᠭᠦᠯᠳᠡᠷ ᠰᠠᠶᠢᠵᠢᠷᠠᠭᠤᠯᠬᠤ᠂ ᠦᠷᠡᠵᠢᠭᠦᠯᠬᠦ ᠶᠢ ᠥᠷᠭᠡᠳᠬᠡᠬᠦ᠂ ᠪᠣᠷᠳᠣᠵᠤ ᠲᠠᠷᠭᠤᠯᠠᠭᠤᠯᠬᠤ᠂ ᠠᠯᠠᠵᠤ ᠨᠢᠲᠤᠯᠬᠤ᠂ ᠪᠣᠷᠣᠯᠠᠭᠤᠯᠬᠤ︾ ᠪᠥᠬᠦ ᠠᠵᠤ ᠤᠶᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ  ᠢᠶᠠᠷ ᠮᠢᠠᠬᠨ ᠬᠤᠨᠢᠨ ᠤ ᠠᠵᠤ ᠤᠶᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠡᠴᠦᠰ ᠲᠡᠭᠡᠨ ᠮᠢᠠᠬᠨ ᠬᠤᠨᠢᠨ ᠤ ᠠᠵᠤ ᠤᠶᠢᠯᠡᠰ ᠤᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ ᠪᠠ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠪᠡᠶᠡᠯᠡᠭᠦᠯᠬᠦ  ᠪᠤᠯᠤᠨ᠎ᠠ︾ ᠭᠡᠵᠤ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠲᠣᠪᠴᠢᠶᠠᠨ ᠳᠠᠷᠤᠭ᠎ᠠ ᠸᠠᠩ ᠴᠦᠨ ᠱᠠᠨ ᠢᠯᠡᠷᠬᠡᠶᠢᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号