2024 ᠣᠨ ᠳᠤ ᠮᠠᠨ ᠤ ᠤᠷᠤᠨ ᠪᠤᠭᠤᠷᠤᠯᠴᠤᠳ ᠤᠨ ᠬᠢᠴᠢᠶᠡᠯ ᠵᠢᠭᠠᠬᠤ ᠲᠦᠯᠦᠪᠯᠡᠭᠡ ᠪᠠᠷ 100 ᠪᠠᠭᠰᠢ ᠶᠢ ᠤᠷᠢᠵᠤ ᠡᠯᠰᠡᠨ᠎ᠡ
ᠨᠡᠶᠢᠲᠡᠯᠡᠭᠰᠡᠨ ᠴᠠᠭ᠄
2024/8/6
    ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠲᠠᠷᠤᠮᠠᠯᠯᠠᠨ ᠲᠠᠷᠬᠠᠭᠠᠭᠰᠠᠨ ︽2024 ᠣᠨ ᠤ ᠪᠤᠭᠤᠷᠤᠯᠴᠤᠳ ᠤᠨ ᠬᠢᠴᠢᠶᠡᠯ ᠵᠢᠭᠠᠬᠤ ᠲᠦᠯᠦᠪᠯᠡᠭᠡ ᠶᠢ ᠬᠡᠷᠡᠭᠵᠢᠬᠦᠯᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠦᠨᠳᠦᠰᠦᠯᠡᠪᠡᠯ᠂ ᠲᠤᠰ ᠲᠦᠯᠦᠪᠯᠡᠭᠡ ᠳᠤ ᠮᠠᠨ ᠤ ᠤᠷᠤᠨ ᠠᠴᠠ 100 ᠪᠠᠭᠰᠢ ᠶᠢ ᠤᠷᠢᠵᠤ ᠡᠯᠰᠡᠬᠦ ᠪᠠᠷ ᠪᠠᠶᠢᠨ᠎ᠠ᠃ ᠡᠨᠡ ᠨᠢ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠬᠦᠴᠦᠳᠡᠢ ᠳᠡᠮᠵᠢᠬᠦ ᠪᠤᠯᠤᠨ᠎ᠠ᠃     ︽ᠮᠡᠳᠡᠭᠳᠡᠯ︾ ᠳᠤ ᠵᠢᠭᠠᠵᠤ ᠭᠠᠷᠭᠠᠭᠰᠠᠨ ᠢᠶᠠᠷ᠂ 2024 ᠣᠨ ᠤ ᠪᠤᠭᠤᠷᠤᠯᠴᠤᠳ ᠤᠨ ᠬᠢᠴᠢᠶᠡᠯ ᠵᠢᠭᠠᠬᠤ ᠲᠦᠯᠦᠪᠯᠡᠭᠡ ᠶᠢ ᠰᠢᠶᠠᠨ ᠢᠶᠠᠷ ᠦᠨᠳᠦᠰᠦᠨ ᠨᠢᠭᠡᠴᠢ ᠪᠣᠯᠭᠠᠵᠤ᠂ ᠭᠤᠣᠯᠳᠠᠭᠤ ᠬᠦᠴᠢᠷᠳᠡᠯᠳᠡᠢ ᠭᠠᠵᠠᠷ ᠣᠷᠣᠨ ᠳᠤ ᠬᠠᠨᠳᠤᠭᠤᠯᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠠᠶᠢᠰᠢ ᠬᠡᠯᠪᠠᠶᠢᠯᠭᠡᠵᠦ᠂ ᠰᠢᠶᠠᠨ ᠪᠠᠯᠭᠠᠰᠤ ᠪᠠ ᠬᠥᠳᠡᠭᠡ ᠲᠣᠰᠬᠤᠨ ᠤ ᠰᠤᠷᠭᠠᠭᠤᠯᠢ ᠳᠤ ᠲᠤᠰᠠᠯᠠᠮᠵᠢ ᠭᠥᠷᠳᠡᠬᠡᠨ᠎ᠡ᠃ ᠡᠭᠦᠨ ᠤ ᠰᠠᠭᠤᠷᠢᠨ ᠳᠡᠭᠡᠷ᠎ᠡ᠂ ᠡᠯ᠎ᠡ ᠮᠤᠵᠢ ᠪᠣᠯᠣᠨ ᠪᠢᠩᠲ᠋ᠤᠸᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠰᠤᠳ ᠪᠠᠭᠤᠷᠠᠢ ᠰᠢᠶᠠᠨ ᠰᠢᠶᠠᠩ ᠵᠢᠴᠢ ᠰᠤᠷᠭᠠᠨ ᠬᠥᠮᠦᠵᠢᠯ ᠤᠨ ᠬᠥᠭᠵᠢᠯᠲᠡ ᠠᠨᠠᠢ ᠭᠠᠵᠠᠷ ᠣᠷᠣᠨ ᠳᠤ ᠬᠠᠨᠳᠤᠭᠤᠯᠤᠨ ᠪᠡᠶ᠎ᠠ ᠪᠠᠨ ᠳᠠᠭᠠᠭᠠᠨ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠰᠣᠩᠭᠤᠵᠤ ᠬᠢᠴᠢᠶᠡᠯ ᠤᠷᠤᠭᠤᠯᠬᠤ ᠶᠢ ᠵᠣᠷᠢᠭᠵᠢᠭᠤᠯᠤᠨ᠎ᠠ᠃     ︽ᠮᠡᠳᠡᠭᠳᠡᠯ︾ ᠳᠤ ᠴᠢᠬᠤᠯᠠᠴᠢᠯᠠᠭᠰᠠᠨ ᠢᠶᠠᠷ᠂ ᠲᠥᠯᠥᠪᠯᠡᠭᠡ ᠳᠤ ᠤᠷᠢᠵᠤ ᠬᠡᠷᠡᠭᠯᠡᠬᠦ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠨᠢ ᠭᠤᠤᠯᠳᠠᠭᠤ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠣᠨᠴᠠ ᠲᠠᠰ ᠤᠨ ᠪᠠᠭᠰᠢ᠂ ᠭᠤᠣᠯᠯᠠᠭᠴᠢ ᠪᠠᠭᠰᠢ ᠪᠠᠶᠢᠬᠤ ᠬᠡᠷᠡᠭᠳᠡᠢ᠂ ᠡᠩ ᠤᠨ ᠪᠠᠶᠢᠳᠠᠯ ᠳᠤ 65 ︵ᠪᠠᠭᠲᠠᠨ᠎ᠠ︶ ᠨᠠᠰᠤᠨ ᠠᠴᠠ ᠳᠣᠷᠣᠭᠰᠢᠬᠢ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠪᠠᠭᠰᠢ ᠶᠢᠨ ᠮᠣᠷᠠᠯ ᠡᠷᠬᠢᠮ ᠳᠡᠭᠡᠳᠦ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠣᠪᠣᠷ ᠰᠤᠷᠲᠠᠯ ᠯᠠᠪᠳᠠᠭᠤᠨ ᠪᠠᠲᠤᠲᠠᠢ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠪᠠᠶᠠᠯᠢᠭ ᠪᠠᠶᠢᠬᠤ ᠶᠢ ᠱᠠᠭᠠᠷᠳᠠᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号