ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠭᠤᠤᠯᠳᠠᠯᠭ᠎ᠠ ᠲᠠᠢ ᠠᠵᠦ ᠠᠬᠤᠶᠢᠯᠠᠯ ᠤᠨ ᠠᠵᠢᠯ ᠤᠨ ᠬᠤᠷᠢᠶ᠎ᠠ ᠪᠠ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢᠨ ᠦᠢᠯᠡᠴᠢᠯᠡᠭᠡᠨ ᠤ ᠳᠤᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ‌‍ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠭᠤᠤᠯᠳᠠᠯᠭ᠎ᠠ ᠲᠠᠢ ᠠᠵᠦ ᠠᠬᠤᠶᠢᠯᠠᠯ ᠤᠨ ᠠᠵᠢᠯ ᠤᠨ ᠬᠤᠷᠢᠶ᠎ᠠ ᠪᠠ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢᠨ ᠦᠢᠯᠡᠴᠢᠯᠡᠭᠡᠨ ᠤ ᠳᠤᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/8/7
   7 ᠰᠠᠷ᠎ᠠ ᠶᠢᠨ 30 ᠤ ᠡᠳᠦᠷ᠂ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠭᠤᠤᠯᠳᠠᠯᠭ᠎ᠠ ᠲᠠᠢ ᠠᠵᠦ ᠠᠬᠤᠶᠢᠯᠠᠯ ᠤᠨ ᠠᠵᠢᠯ ᠤᠨ ᠬᠤᠷᠢᠶ᠎ᠠ ᠪᠠ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢᠨ ᠦᠢᠯᠡᠴᠢᠯᠡᠭᠡᠨ ᠤ ᠳᠤᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠃ᠬᠤᠶᠠᠷ ᠪᠠᠶᠢᠭᠤᠯᠤᠮᠵᠢ ᠪᠠᠶᠢᠭᠤᠯᠤᠭᠳᠠᠭᠰᠠᠨ ᠨᠢ ᠬᠢᠨᠭ᠍ᠭᠠᠨ ᠠᠶᠢᠮᠠᠭ ᠪᠠ ᠦᠪᠡᠷᠳᠡᠭᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠨ ᠪᠤᠵᠠᠭᠠᠶᠢᠷᠠᠬᠤ ᠶᠢ ᠠᠬᠢᠭᠤᠯᠬᠤ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠴᠢᠬᠤᠯᠠ ᠶᠡᠭᠡ ᠦᠢᠯᠡᠳᠦᠯ ᠦᠵᠡᠭᠦᠯᠬᠦ ᠪᠤᠯᠤᠨ᠎ᠠ᠃ ᠮᠦᠨ ᠴᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠦ ᠶᠡᠬᠡᠪᠡᠷ ᠳᠡᠮᠵᠢᠵᠦ ᠪᠠᠶᠢᠬᠤ ᠶᠢ ᠭᠦᠢᠴᠡᠳ ᠢᠯᠡᠷᠡᠬᠦᠯᠵᠦ᠂ ᠡᠨᠡ ᠨᠢ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠳᠤ ᠪᠦᠬᠦ ᠳᠠᠯ᠎ᠠ ᠶᠢᠨ ᠦᠢᠯᠡᠴᠢᠯᠡᠭᠡ ᠬᠠᠨᠭ᠍ᠭᠠᠬᠤ ᠰᠢᠨ᠎ᠠ ᠬᠠᠭᠤᠳᠠᠰᠦ ᠶᠢ ᠰᠡᠭᠦᠭᠰᠡᠨ ᠢ ᠬᠠᠷᠠᠭᠤᠯᠵᠦ ᠪᠤᠢ᠃    ᠰᠠᠶ᠋ᠢᠬᠠᠨ ᠪᠠᠶᠢᠭᠤᠯᠤᠬᠳᠠᠬᠰᠠᠨ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠭᠤᠤᠯᠳᠠᠯᠭ᠎ᠠ ᠲᠠᠢ ᠠᠵᠦ ᠠᠬᠤᠶᠢᠯᠠᠯ ᠤᠨ ᠠᠵᠢᠯ ᠤᠨ ᠬᠤᠷᠢᠶ᠎ᠠ ᠪᠠ ᠬᠢᠨᠭ᠍ᠭᠠᠨ ᠠᠶᠢᠮᠠᠭ ᠤᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠳᠡ ᠶᠢᠨ ᠦᠢᠯᠡᠴᠢᠯᠡᠭᠡᠨ ᠤ ᠳᠤᠪᠴᠢᠶ᠎ᠠ ᠨᠢ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠨᠠᠮ ᠤᠨ ᠪᠠᠶᠢᠭᠤᠯᠤᠯᠳᠠ ᠪᠤᠯᠤᠨ ᠬᠤᠯᠪᠤᠭᠳᠠᠯ ᠪᠦᠬᠦᠢ ᠳᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ᠂ ᠠᠷᠠᠳ ᠠᠴᠠ ᠡᠵᠡᠩᠨᠡᠭᠰᠡᠨ ᠠᠵᠦ ᠠᠬᠤᠢ ᠶᠢ ᠴᠢᠨᠠᠷ ᠰᠠᠶᠢᠳᠠᠢ ᠬᠦᠭᠵᠢᠭᠦᠯᠬᠦ ᠠᠷᠭ᠎ᠠ ᠬᠡᠮᠵᠢᠶ᠎ᠠ ᠶᠢ ᠲᠤᠭᠳᠠᠭᠠᠬᠤ᠂ ᠦᠢᠯᠡᠴᠢᠯᠡᠭᠡᠨ ᠤ ᠤᠬᠠᠮᠰᠠᠷ ᠪᠠ ᠦᠢᠯᠡᠴᠢᠯᠡᠭᠡᠨ ᠤ ᠶᠠᠰᠦ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠴᠢᠷ ᠠᠰᠠᠭᠤᠳᠠᠯ ᠢ ᠰᠶᠢᠳᠪᠤᠷᠢᠯᠡᠬᠦ ᠳᠤ ᠳᠤᠯᠭᠠᠭᠤᠷᠢᠯᠠᠬᠤ ᠬᠦᠴᠦᠨ ᠬᠠᠩᠭᠠᠬᠤ ᠨᠢ ᠯᠠᠪᠳᠠᠢ᠃ ︵ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号