ᠵᠡᠭᠦᠨ ᠬᠤᠶᠢᠲᠤ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠶ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ ᠬᠢᠩᠭᠠᠨ ᠠᠶᠢᠮᠠᠭ ᠲᠤ ᠶᠠᠪᠤᠭᠳᠠᠵᠠᠢ
ᠨᠡᠶᠢᠲᠡᠯᠡᠭᠰᠡᠨ ᠴᠠᠭ᠄
2024/8/7
    ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠪᠠᠷ᠂ 7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠵᠡᠭᠦᠨ ᠬᠤᠶᠢᠲᠤ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠠᠵᠢᠯᠯᠠᠭ᠎ᠠ ᠬᠢᠩᠭᠠᠨ ᠠᠶᠢᠮᠠᠭ ᠲᠤ ᠶᠠᠪᠤᠭᠳᠠᠪᠠ᠃ᠦᠵᠡᠭᠦᠯᠭᠡ ᠶᠢᠨ ᠪᠦᠯᠬᠦᠮ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠣᠬᠢᠷᠲᠤᠯ ᠦᠭᠡᠢ ᠣᠶᠤᠨᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠤᠷᠤᠨ ᠲᠣᠭᠤᠷᠢᠭ᠂ ᠴᠠᠷᠠᠰᠤᠨ ᠪᠠᠯᠭᠠᠰᠤᠨ ᠤ ᠱᠦᠢ ᠴᠢᠦᠸᠠᠨ ᠭᠠᠴᠠᠭ᠎ᠠ ᠶᠢᠨ ᠡᠷᠳᠡᠨᠢ ᠰᠢᠰᠢ ᠶᠢᠨ ᠡᠪᠡᠳᠴᠢᠨ ᠬᠤᠷᠣᠬᠠᠢ ᠶᠢᠨ ᠭᠠᠮᠰᠢᠭ ᠡᠭᠦᠰᠦᠭᠰᠡᠨ ᠵᠢᠴᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠪᠠᠶᠢᠳᠠᠯ ᠢ ᠲᠣᠭᠤᠷᠢᠨ ᠦᠵᠡᠪᠡ᠃ ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠵᠢᠴᠢ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠬᠠᠮᠢᠶ᠎ᠠ ᠪᠦᠬᠦᠢ ᠤᠳᠤᠷᠢᠳᠤᠯᠭ᠎ᠠ᠂ ᠲᠤᠰᠬᠠᠶ ᠮᠡᠷᠭᠡᠵᠢᠯᠲᠡᠳ 2024 ᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠶ ᠶᠢᠨ ᠭᠠᠮᠰᠢᠭ ᠡᠭᠦᠰᠦᠭᠰᠡᠨ ᠪᠠᠶᠢᠳᠠᠯ ᠵᠢᠴᠢ ᠬᠠᠨᠳᠤᠰᠢ ᠳᠤ ᠭᠦᠨᠵᠡᠭᠡᠶ ᠵᠠᠳᠠᠯᠤᠯᠲᠠ ᠪᠠ ᠰᠤᠳᠤᠯᠤᠯᠲᠠ ᠮᠠᠭᠠᠳᠯᠠᠯᠲᠠ ᠬᠢᠪᠡ᠃ ᠡᠬᠦᠨ ᠤ ᠬᠠᠮᠳᠤ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠪᠠ ᠤᠷᠭᠤᠮᠠᠯ ᠤᠨ ᠬᠠᠮᠠᠭᠠᠯᠠᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠢᠷᠡᠭᠰᠡᠨ ᠬᠤᠷᠠᠯ ᠤᠨ ᠲᠥᠯᠥᠭᠡᠯᠡᠭᠴᠢᠳ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠬᠦᠷᠢᠶᠡᠨ ᠳᠠᠬᠢ ᠨᠠᠨᠳᠢᠨ ᠲᠤᠷᠰᠢᠯᠭ᠎ᠠ ᠪᠠᠨ ᠲᠣᠰ ᠲᠣᠰ ᠬᠤᠪᠢᠶᠠᠯᠴᠠᠭᠰᠠᠨ ᠪᠠᠶᠢᠨ᠎ᠠ᠃     ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠡᠷᠲᠡ ᠢᠯᠡᠷᠡᠭᠦᠯᠬᠦ ᠪᠠ ᠲᠦᠷᠭᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠮᠠᠯ ᠤᠨ ᠵᠦᠢᠯ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠠᠪᠤᠭᠰᠠᠨ ᠠᠷᠭ᠎ᠠ ᠬᠡᠮᠵᠢᠶ᠎ᠡ ᠨᠢ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤ ᠳᠡᠭᠡᠳᠦ ᠬᠡᠮᠵᠢᠶᠡᠨ ᠤ ᠦᠨᠡᠯᠡᠯᠳᠡ ᠶᠢ ᠣᠯᠤᠭᠰᠠᠨ ᠪᠠᠶᠢᠨ᠎ᠠ᠃ ᠡᠨᠡ ᠵᠢᠯ ᠬᠢᠩᠭᠠᠨ ᠠᠶᠢᠮᠠᠭ 1703.49 ᠲᠦᠮᠡᠨ ᠮᠤ᠋ ᠲᠠᠷᠢᠶ᠎ᠠ ᠲᠠᠷᠢᠵᠠᠢ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠷᠢᠭᠤᠴᠠᠯᠭᠠᠳᠠᠨ᠄ ︽ᠡᠮᠦᠨᠡᠬᠢ ᠬᠤᠭᠤᠴᠠᠭᠠᠨ ᠳᠤ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠢᠳᠡᠪᠬᠢᠲᠡᠶ ᠦᠷᠨᠢᠬᠦᠯᠵᠦ ᠂ ᠡᠪᠡᠳᠴᠢᠨ ᠬᠤᠷᠣᠬᠠᠶ ᠶᠢᠨ ᠭᠠᠮᠰᠢᠭ ᠡᠭᠦᠰᠭᠦ ᠬᠠᠨᠳᠤᠰᠢ ᠶᠢᠨ ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤᠨᠢ ᠨᠡᠶᠢᠲᠡᠯᠡᠵᠦ᠂ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠪᠡᠳᠴᠢᠨ ᠬᠤᠷᠣᠬᠠᠶ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠪᠡᠶᠡᠯᠡᠬᠦᠯᠵᠦ᠂ ᠬᠢᠩᠭᠠᠨ ᠠᠶᠢᠮᠠᠭ ᠤᠨ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠡᠯᠪᠡᠭ ᠬᠤᠷᠢᠶᠠᠯᠳᠠ ᠤᠯᠬᠤ ᠶᠢ ᠪᠦᠬᠦ ᠳᠠᠯ᠎ᠠ ᠪᠠᠷ ᠪᠠᠲᠤᠯᠠᠬᠤ ᠪᠠᠷ ᠪᠠᠶᠢᠨ᠎ᠠ︾ ᠬᠡᠵᠦ ᠢᠯᠡᠷᠬᠡᠶᠢᠯᠡᠪᠡ᠃  ︵ᠳ᠋ᠢᠶᠤᠤ ᠪᠥᠸᠧ ᠢᠦᠢ   ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号