60 ᠨᠠᠰᠤᠨ ᠠᠴᠠ ᠲᠡᠭᠡᠭᠰᠢᠬᠢ ᠬᠦᠮᠦᠨ ᠠᠮᠠ ᠪᠦᠬᠦ ᠬᠦᠮᠦᠨ ᠠᠮᠠ ᠶᠢᠨ 20% ᠶᠢ ᠲᠠᠪᠠᠵᠠᠢ
ᠨᠡᠶᠢᠲᠡᠯᠡᠭᠰᠡᠨ ᠴᠠᠭ᠄
2024/9/10
   ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠰᠦᠯᠵᠢᠶ᠎ᠡ ︽2023 ᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ︵︽ᠠᠯᠪᠠᠨ ᠮᠡᠳᠡᠭᠡ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃    ︽ᠠᠯᠪᠠᠨ ᠮᠡᠳᠡᠭᠡ︾ ᠳᠤ ᠨᠡᠶᠢᠲᠡᠯᠡᠭᠰᠡᠨ ᠢᠶᠠᠷ᠂ 2023 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠥᠨ ᠠᠮᠠ 29697 ᠲᠦᠮᠡ ᠳᠤ ᠬᠦᠷᠴᠦ᠂ ᠪᠥᠬᠦ ᠬᠥᠮᠥᠨ ᠠᠮᠠ ᠶᠢᠨ 21.1% ᠶᠢ ᠡᠵᠡᠯᠡᠪᠡ᠃ ᠡᠭᠦᠨ ᠳᠤ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠥᠨ ᠠᠮᠠ 21676 ᠲᠦᠮᠡ ᠪᠠᠶᠢᠵᠤ᠂ ᠪᠥᠬᠦ ᠬᠥᠮᠥᠨ ᠠᠮᠠ ᠶᠢᠨ 15.4% ᠶᠢ ᠡᠵᠡᠯᠡᠪᠡ᠃ 2023 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠨᠡᠶᠢᠲᠡ 4334.4 ᠲᠦᠮᠡᠨ ᠨᠠᠰᠤᠲᠠᠶᠢᠴᠤᠳ᠂ ᠨᠠᠰᠤᠲᠠᠶᠢᠴᠤᠳ ᠤᠨ ᠨᠥᠬᠦᠪᠦᠷᠢ ᠭᠥᠷᠳᠡᠵᠦ ᠪᠠᠶᠢᠨ᠎ᠠ᠂ ᠡᠭᠦᠨ ᠳᠤ ᠥᠨᠳᠥᠷ ᠨᠠᠰᠤᠨ ᠤ ᠨᠡᠮᠡᠭᠦᠷᠢ ᠭᠥᠷᠳᠡᠭᠰᠡᠨ ᠨᠠᠰᠤᠲᠠᠶᠢᠴᠤᠳ 3547.8 ᠲᠦᠮᠡ᠂ ᠰᠤᠪᠢᠯᠠᠯᠲᠠ ᠶᠢᠨ ᠨᠥᠬᠦᠪᠦᠷᠢ ᠭᠥᠷᠳᠡᠭᠰᠡᠨ ᠨᠠᠰᠤᠲᠠᠶᠢᠴᠤᠳ 98.5 ᠲᠦᠮᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠭᠥᠷᠳᠡᠭᠰᠡᠨ ᠨᠠᠰᠤᠲᠠᠶᠢᠴᠤᠳ 621.4 ᠲᠦᠮᠡ᠂ ᠶᠡᠷᠦᠩᠬᠡᠶᠢᠯᠡᠭᠰᠡᠨ ᠨᠥᠬᠦᠪᠦᠷᠢ ᠭᠥᠷᠳᠡᠭᠰᠡᠨ ᠨᠠᠰᠤᠲᠠᠶᠢᠴᠤᠳ 66.7 ᠲᠦᠮᠡ ᠪᠣᠶ᠃ ᠪᠦᠬᠦ ᠤᠯᠤᠰ ᠲᠤ ᠨᠠᠰᠤᠲᠠᠶᠢᠴᠤᠳ ᠤᠨ ᠠᠰᠠᠷᠠᠮᠵᠢ ᠳᠤ 421.7 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ 223.2 ᠳ᠋ᠦᠩᠰᠢᠭᠤᠷ ᠲᠥᠭᠦᠷᠢᠭ ᠵᠠᠷᠤᠴᠠᠭᠤᠯᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号