ᠮᠠᠨ ᠤ ᠤᠷᠤᠨ ᠢ ᠲᠤᠰᠠᠯᠠᠬᠤ ᠪᠠᠷ ᠢᠷᠡᠭᠰᠡᠨ 56 ᠪᠠᠭᠰᠢ ᠠᠵᠢᠯ ᠤᠨ ᠪᠠᠶᠢᠷᠢ ᠳᠠᠭᠠᠨ ᠭᠠᠷᠪᠠ
ᠨᠡᠶᠢᠲᠡᠯᠡᠭᠰᠡᠨ ᠴᠠᠭ᠄
2024/9/10
     ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠬᠡᠷ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠪᠦᠳᠦᠬᠦᠪᠴᠢ ᠬᠡᠯᠡᠯᠴᠡᠬᠡᠷ ᠤᠨ ᠶᠤᠰᠤᠭᠠᠷ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠠᠴᠠ 56 ᠪᠠᠭᠰᠢ ᠶᠢ ᠳᠠᠬᠢᠨᠲᠠ ᠥᠪᠥᠷ ᠮᠣᠩᠭᠤᠯ ᠢ ᠲᠤᠰᠠᠯᠠᠬᠤ ᠪᠠᠷ ᠲᠣᠮᠢᠯᠠᠵᠤ᠂ ᠮᠠᠨ ᠤ ᠣᠷᠣᠨ ᠤ 10 ᠬᠤᠰᠢᠭᠤ ᠰᠢᠶᠠᠨ ᠤ 18 ᠰᠤᠷᠭᠠᠭᠤᠯᠢ ᠳᠤ ᠰᠤᠷᠭᠠᠨ ᠬᠥᠮᠦᠵᠢᠯ ᠢ ᠳᠡᠮᠵᠢᠬᠦ ᠠᠵᠢᠯ ᠥᠷᠨᠢᠭᠦᠯᠪᠡ᠃     ᠣᠶᠢᠯᠠᠭᠠᠭᠰᠠᠨ ᠢᠶᠠᠷ᠂ ᠡᠮᠦᠨᠡᠬᠢ ᠬᠤᠭᠤᠴᠠᠭᠠᠨ ᠤ ᠨᠠᠷᠢᠨ ᠨᠢᠮᠪᠠᠢ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ 2022 ᠣᠨ ᠤ 9 ᠰᠠᠷ᠎ᠠ ᠳᠤ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠥᠪᠥᠷ ᠮᠣᠩᠭᠤᠯ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠰᠠᠭᠤᠷᠢ ᠨᠢᠮᠭᠡᠨ᠂ ᠰᠢᠯᠢᠳᠡᠭ ᠪᠠᠭᠰᠢ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠠᠩᠬ᠎ᠠ ᠤᠳᠠᠭ᠎ᠠ 72 ᠴᠢᠳᠠᠪᠤᠷᠢᠲᠠᠨ ᠢ ᠰᠣᠩᠭᠤᠨ ᠲᠣᠮᠢᠯᠠᠵᠤ᠂ ᠮᠠᠨ ᠤ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠤᠰᠢᠭᠤ ᠰᠢᠶᠠᠨ ᠤ 18 ᠰᠤᠷᠭᠠᠭᠤᠯᠢ ᠶᠢ ᠬᠠᠪᠰᠤᠷᠤᠨ ᠲᠡᠳᠬᠦᠬᠦ ᠪᠠᠷ ᠲᠤᠰᠢᠶᠠᠯ ᠡᠭᠦᠷᠭᠡᠯᠡᠭᠦᠯᠦᠨ ᠪᠠᠭᠰᠢᠯᠠᠭᠤᠯᠪᠠ᠃ ᠮᠠᠨ ᠤ ᠤᠷᠤᠨ ᠤ ᠡᠯ᠎ᠡ ᠠᠶᠢᠮᠠᠭ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠴᠢᠳᠠᠪᠤᠷᠢᠲᠠᠨ ᠢ ᠴᠡᠭ ᠠᠴᠠ ᠴᠡᠭ ᠲᠤ ᠲᠠᠭᠠᠷᠠᠭᠤᠯᠬᠤ᠂ ︽1+1︾ ᠵᠡᠷᠭᠡ ᠬᠡᠯᠪᠡᠷᠢ ᠪᠠᠷ ᠭᠤᠣᠯᠳᠠᠯᠭ᠎ᠠ ᠲᠠᠢ ᠬᠥᠮᠥᠵᠢᠭᠦᠯᠵᠦ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠣᠭᠤᠳᠤᠭᠤᠯᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号