ᠮᠠᠨ ᠤ ᠣᠷᠣᠨ ᠤ ᠡᠯ᠎ᠡ ᠲᠥᠷᠥᠯ ᠤᠨ ᠪᠠᠭᠰᠢ 41.02 ᠲᠦᠮᠡ ᠪᠠᠶᠢᠨ᠎ᠠ
ᠨᠡᠶᠢᠲᠡᠯᠡᠭᠰᠡᠨ ᠴᠠᠭ᠄
2024/9/10
    9 ᠰᠠᠷ᠎ᠠ ᠶᠢᠨ 5 ᠤ ᠡᠳᠦᠷ᠂ ᠳᠥᠴᠢᠳᠦᠭᠡᠷ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠡᠮ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠡ᠃      ᠬᠤᠷᠡᠯ ᠠᠴᠠ ᠤᠶᠢᠯᠠᠭᠠᠬᠰᠡᠨ ᠢᠶᠠᠷ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠴᠢᠳᠠᠪᠤᠷᠢ ᠰᠠᠶᠢᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠣᠶ ᠪᠣᠯᠭᠠᠭᠰᠠᠭᠠᠷ ᠢᠷᠡᠵᠡᠶ᠃      2023 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠠᠵᠢᠯᠲᠠᠨ 41.02 ᠲᠦᠮᠡ ᠪᠠᠶᠢᠵᠤ᠂ ᠲᠤᠰᠬᠠᠢ ᠪᠠᠭᠰᠢ 31.77 ᠲᠦᠮᠡ᠂ ᠡᠵᠡᠯᠡᠬᠦ ᠬᠠᠷᠢᠴᠠᠯ ᠨᠢ 77.5% ᠳᠤ ᠬᠦᠷᠴᠤ᠂ ᠲᠤᠰᠬᠠᠢ ᠪᠠᠭᠰᠢ ᠶᠢᠨ ᠶᠡᠷᠦᠩᠬᠡᠢ ᠲᠤᠭ᠎ᠠ ᠨᠢ 2020 ᠣᠨ ᠤ ᠬᠢ ᠠᠴᠠ 2.4 ᠲᠦᠮᠡᠨ ᠬᠥᠮᠥᠨ ᠨᠡᠮᠡᠭᠳᠡᠵᠦ᠂ 8.2% ᠢᠶᠠᠷ ᠨᠡᠮᠡᠭᠳᠡᠪᠡ᠃ ᠡᠭᠦᠨ ᠳᠤ᠂ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ 84.2% ᠳᠤ ᠬᠦᠷᠴᠦ᠂ 12.8% ᠪᠠᠷ ᠨᠡᠮᠡᠭᠳᠡᠵᠡᠢ᠃ ᠪᠥᠬᠦ ᠣᠷᠣᠨ ᠤ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠲᠤᠭ᠎ᠠ ᠬᠡᠮᠵᠢᠶ᠎ᠡ ᠪᠠ ᠰᠤᠷᠤᠯᠭ᠎ᠠ ᠶᠢᠨ ᠨᠠᠮᠲᠠᠷ ᠤᠨ ᠪᠦᠲᠦᠴᠡ ᠤᠯᠠᠮ ᠨᠢᠭᠡ ᠠᠯᠬᠤᠮ ᠳᠡᠭᠡᠭᠰᠢᠯᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号