ᠲᠤᠰᠠᠯᠠᠬᠤ ᠴᠠᠬᠳᠠᠭ᠎ᠠ ᠶᠢᠨ ᠲᠤᠬᠠᠢ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠢᠷᠡᠯ᠎ᠡ
ᠨᠡᠶᠢᠲᠡᠯᠡᠭᠰᠡᠨ ᠴᠠᠭ᠄
2024/9/11
    ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠲᠤᠰᠠᠯᠠᠬᠤ ᠠᠵᠢᠯᠳᠠᠨ ᠤ ᠲᠦᠷᠢᠮ︾ ︵ᠲᠤᠷᠤᠬᠰᠢ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠬᠡᠵᠦ ᠲᠦᠬᠦᠮᠴᠢᠯᠡᠨ᠎ᠡ︶ ᠳᠤ ᠵᠠᠰᠠᠪᠤᠷᠢ ᠤᠷᠤᠭᠤᠯᠵᠤ᠂ ᠲᠤᠰ ︽ᠲᠦᠷᠢᠮ︾ ᠢ 2024 ᠤᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠦᠨ᠎ᠡ᠃     ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ 2021 ᠤᠨ ᠤ ᠤᠤᠯ ᠤᠨ ︽ᠲᠦᠷᠢᠮ︾ ᠲᠠᠢ ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 ᠵᠦᠢᠯ ᠳᠤ ᠵᠠᠰᠠᠪᠤᠷᠢ ᠤᠷᠤᠭᠤᠯᠵᠤ᠂ 1 ᠵᠦᠢᠯ ᠢ ᠬᠠᠰᠤᠵᠠᠢ᠃ ᠬᠢᠯᠠᠰ ᠴᠡᠭ ᠨᠢ ᠭᠤᠤᠯᠳᠠᠭᠤ 5 ᠲᠠᠯ᠎ᠠ ᠪᠠᠷ ᠢᠯᠡᠷᠡᠵᠦ ᠪᠠᠶᠢᠨ᠎ᠠ᠃     ᠵᠠᠰᠠᠬ ᠤᠨ ᠤᠷᠳᠤᠨ ᠤ ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠤᠨ ᠴᠢᠩᠭᠠᠳᠬᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠢᠨᠠᠯᠲᠠ ᠲᠠᠯᠪᠢᠬᠤ᠂ ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ︾ ᠬᠡᠵᠦ ᠲᠤᠬᠳᠠᠭᠠᠵᠠᠢ᠃     ᠬᠦᠮᠦᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ ᠳᠡᠪᠰᠢᠬᠦᠯᠦᠨ ᠬᠠᠮᠢᠶᠠᠷᠴᠠᠢ᠃     ᠲᠤᠰᠠᠯᠠᠬᠤ ᠴᠠᠬᠳᠠᠭ᠎ᠠ ᠶᠢᠨ ᠡᠩᠨᠡᠬᠡᠨ ᠳᠤ ᠤᠷᠤᠬᠤ ᠪᠠᠷᠢᠮᠵᠢᠶ᠎ᠠ ᠶᠢ ᠦᠨᠳᠦᠷ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠲᠤᠰᠠᠯᠠᠬᠤ ᠴᠠᠬᠳᠠᠭ᠎ᠠ ᠪᠤᠯᠬᠤ ᠳᠤ ᠵᠠᠪᠠᠯ ᠰᠢᠯᠭᠠᠭᠤᠯᠬᠤ ᠠᠷᠭ᠎ᠠ ᠶᠢ ᠠᠪᠴᠤ᠂ ᠠᠵᠢᠯᠳᠠᠨ ᠡᠯᠰᠡᠬᠦ ᠪᠠᠷᠢᠮᠵᠢᠶ᠎ᠠ ᠪᠤᠯᠤᠨ ᠵᠢᠷᠤᠮ ᠢ ᠨᠢᠬᠡᠳᠦᠯᠵᠢᠬᠦᠯᠦᠨ᠂ ᠰᠤᠩᠭᠤᠨ ᠠᠪᠴᠤ ᠬᠡᠷᠡᠭᠯᠡᠬᠦ ᠶᠢ ᠴᠢᠩᠭᠠᠳᠬᠠᠨ᠂ ᠨᠡᠶᠢᠬᠡᠮ ᠤᠨ ᠬᠢᠨᠠᠯᠳᠠ ᠶᠢ ᠬᠦᠯᠢᠶᠡᠨ᠎ᠡ︾ ᠬᠡᠵᠦ ᠨᠡᠮᠡᠨ ᠲᠤᠬᠳᠠᠭᠠᠵᠠᠢ᠃     ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢ ᠨᠡᠩ ᠪᠠᠳᠤᠯᠠᠭ᠎ᠠ ᠲᠠᠢ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠠᠶᠢᠮᠠᠬ ᠤᠨ ᠵᠠᠬᠢᠷᠭ᠎ᠠ᠂ ᠬᠠᠷᠢᠶᠠᠳᠤ ᠤᠷᠤᠨ ᠲᠤᠬᠢᠷᠠᠭᠤᠯᠤᠬᠰᠠᠨ ᠬᠤᠳᠠ ᠪᠤᠯᠤᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠬ ᠤᠨ ᠤᠷᠳᠤᠨ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ ᠤᠯᠭᠤᠮᠵᠢ ᠬᠦᠷᠳᠡᠬᠡᠮᠵᠢ ᠶᠢᠨ ᠲᠦᠷᠢᠮ ᠶᠤᠰᠤᠭᠠᠷ ᠲᠤᠰ ᠭᠠᠵᠠᠷ ᠤᠷᠤᠨ ᠤ ᠲᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ ᠲᠤᠮᠳᠠᠴᠢ ᠴᠠᠯᠢᠩ ᠤᠨ ᠲᠦᠪᠰᠢᠨ ᠢᠶᠠᠷ ᠯᠠᠪᠯᠠᠯᠳᠠ ᠪᠤᠯᠭᠠᠵᠦ᠂ ᠲᠤᠰ ᠭᠠᠵᠠᠷ ᠤᠷᠤᠨ ᠤ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠶᠢᠨ ᠪᠤᠳᠠᠳᠠᠢ ᠪᠠᠷᠢᠮᠵᠢᠶ᠎ᠠ ᠶᠢ ᠬᠢᠨᠠᠨ ᠲᠤᠬᠳᠠᠭᠠᠵᠤ᠂ ᠡᠭᠦᠨ ᠤ ᠬᠠᠮᠳᠦ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ᠂ ᠡᠳ᠋ ᠤᠨ ᠵᠠᠰᠠᠬ ᠤᠨ ᠨᠡᠮᠡᠭᠳᠡᠯ ᠤᠨ ᠪᠠᠶᠢᠳᠠᠯ ᠵᠡᠷᠬᠡ ᠪᠠᠶᠢᠳᠠᠯ ᠢ ᠦᠨᠳᠦᠰᠦᠯᠡᠨ᠂ ᠬᠦᠳᠡᠯᠦᠩᠬᠦᠢ ᠪᠠᠷ ᠲᠤᠬᠢᠷᠠᠭᠤᠯᠬᠤ ᠲᠤᠬᠳᠠᠴᠠ ᠶᠢ ᠪᠠᠶᠢᠭᠤᠯᠪᠠᠯ ᠵᠤᠬᠢᠨ᠎ᠠ︾ ᠬᠡᠵᠦ ᠲᠤᠬᠳᠠᠭᠠᠵᠠᠢ᠃     ᠲᠤᠰᠠᠯᠠᠬᠤ ᠴᠠᠬᠳᠠᠭ᠎ᠠ ᠶᠢᠨ ᠲᠤᠰᠢᠶᠠᠯ ᠢᠶᠠᠨ ᠬᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠤᠷᠤᠭᠤᠯᠵᠠᠢ᠄ ︽ᠲᠤᠰᠠᠯᠠᠬᠤ ᠴᠠᠬᠳᠠᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ ᠲᠡᠷᠬᠡ ᠵᠡᠷᠭᠡ ᠴᠠᠭᠳᠠᠭᠠᠨ ᠳᠤ ᠬᠡᠷᠡᠭᠯᠡᠬᠦ ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ ᠲᠥᠬᠦᠭᠡᠷᠦᠮᠵᠢ ᠶᠢ ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃     ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠤᠨ ᠠᠴᠢ ᠬᠤᠯᠪᠤᠬᠳᠠᠯ ᠪᠤᠯᠤᠨ ᠨᠦᠯᠦᠬᠡ ᠳᠤᠰᠬᠠᠯ ᠄ ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠬᠠᠮᠢᠶᠠᠷᠤᠯᠳᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ ᠲᠡᠭᠡᠭᠰᠢᠯᠡᠬᠦᠯᠦᠨ᠎ᠡ︔ ᠲᠤᠰᠠᠯᠠᠬᠤ ᠴᠠᠬᠳᠠᠭ᠎ᠠ ᠶᠢᠨ ᠬᠠᠤᠯᠢ ᠶᠤᠰᠤᠨ ᠤ ᠡᠷᠬᠡ ᠠᠰᠢᠬ ᠢ ᠨᠡᠩ ᠰᠠᠶᠢᠳᠤᠷ ᠪᠠᠳᠤᠯᠠᠨ᠎ᠠ︔ ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠲᠤᠬᠳᠠᠭᠤᠨ ᠪᠠᠶᠢᠳᠠᠯ ᠢ ᠠᠬᠢᠭᠤᠯᠤᠨ᠎ᠠ᠃    
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号