︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠢᠨ᠎ᠠ ᠬᠠᠭᠤᠳᠠᠰᠦ ᠶᠢ ᠪᠢᠴᠢᠭᠯᠡᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/12
      ᠤᠶᠢᠷ᠎ᠠ ᠶᠢᠨ ᠡᠳᠦᠷ᠂ ᠤᠮᠠᠷᠠᠳᠤ ᠬᠢᠯᠢ ᠶᠢᠨ ᠰᠤᠶᠤᠯ ᠢ ᠪᠠᠳᠠᠷᠠᠭᠤᠯᠵᠦ᠂ ᠮᠠᠯᠴᠢᠨ ᠲᠠᠷᠢᠶᠠᠴᠢᠨ ᠤ ︽ᠲᠤᠰᠬᠤᠨ ᠤ TV︾ ᠶᠢᠨ ᠲᠤᠬᠯᠠᠯᠳᠠ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠦ ᠶᠢᠨ ᠠᠨᠠᠷ ᠤᠨ ᠦᠷ᠎ᠡ ᠠᠭᠤᠳᠠᠮ ᠲᠠᠯᠠᠪᠠᠢ ᠳᠤ ᠶᠠᠪᠤᠬᠳᠠᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠠᠷᠠᠭ᠎ᠠ ᠰᠤᠨᠤᠷ ᠢ ᠪᠠᠶᠠᠰᠬᠠᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠷᠢᠳᠢ ᠰᠢᠳᠢ ᠶᠢ ᠤᠶᠢᠯᠠᠭᠠᠭᠤᠯᠵᠠᠢ᠃       ᠡᠨᠡ ᠵᠢᠯ᠂ ᠵᠠᠯᠠᠶᠢᠳ ᠬᠤᠰᠢᠭᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠪᠠᠳᠦᠳᠠᠢ ᠬᠡᠷᠡᠭᠵᠢᠬᠦᠯᠵᠦ᠂ ᠤᠯᠠᠷᠢᠯ ᠪᠦᠷᠢ ᠡᠯ᠎ᠡ ᠦᠨᠳᠦᠰᠦᠳᠡᠨ ᠤ ᠤᠯᠠᠨ ᠲᠦᠮᠡᠨ ᠢ ᠲᠠᠭᠠᠭᠤᠯᠤᠨ ︽ᠲᠠᠪᠦᠨ ᠨᠢᠬᠡ︾ ᠶᠢᠨ ᠠᠵᠢᠯᠯᠠᠭ᠎ᠠ ︵ᠨᠢᠬᠡ ᠤᠳᠠᠭᠠᠨ ᠤ ᠤᠯᠠᠨ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ᠂ ᠨᠢᠬᠡ ᠤᠳᠠᠭᠠᠨ ᠤ ᠠᠵᠦ ᠦᠢᠯᠡᠰ ᠤᠨ ᠬᠦᠭᠵᠢᠯᠳᠡ ᠶᠢᠨ ᠠᠵᠢᠯᠯᠠᠭ᠎ᠠ᠂ ᠨᠢᠬᠡ ᠤᠳᠠᠭᠠᠨ ᠤ ᠰᠤᠶᠤᠯ ᠤᠨ ᠰᠤᠯᠢᠯᠴᠠᠭᠠᠨ ᠤ ᠠᠵᠢᠯᠯᠠᠭ᠎ᠠ᠂ ᠨᠢᠬᠡ ᠤᠳᠠᠭᠠᠨ ᠤ ᠬᠦᠮᠦᠨ ᠠᠷᠠᠳ ᠤᠨ ᠰᠠᠭᠤᠷᠢᠰᠢᠬᠤ ᠤᠷᠴᠢᠨ ᠢ ᠴᠡᠭᠴᠡᠯᠡᠨ ᠵᠠᠰᠠᠬᠤ ᠠᠵᠢᠯᠯᠠᠭ᠎ᠠ᠂ ᠨᠢᠬᠡ ᠤᠳᠠᠭᠠᠨ ᠤ ᠵᠦᠷᠢᠴᠡᠯ ᠵᠢᠭᠤᠷᠠᠯᠳᠤᠭᠠᠨ ᠤ ᠲᠦᠭᠰᠢᠬᠦᠷᠢ ᠲᠠᠯᠳᠠ ᠬᠡᠮ ᠢ ᠪᠠᠶᠢᠴᠠᠭᠠᠬᠤ ᠠᠵᠢᠯᠯᠠᠭ᠎ᠠ︶ ᠶᠢ ᠦᠷᠨᠢᠬᠦᠯᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠠᠮᠳᠤᠪᠡᠷ ᠰᠤᠷᠤᠯᠴᠠᠨ᠂ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠨᠦᠬᠦᠴᠡᠯ ᠢ ᠢᠳᠡᠪᠬᠢᠳᠡᠢ ᠪᠤᠢ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠤᠯᠠᠨ ᠲᠥᠮᠠᠨ ᠤ ᠰᠡᠳᠬᠢᠯ ᠳᠤ ᠬᠦᠨ ᠬᠠᠳᠠᠩᠰᠢᠭᠤᠯᠵᠦ ᠪᠤᠢ᠃ ᠤᠳᠤᠬᠠᠨ᠂ ᠪᠦᠬᠦ ᠬᠤᠰᠢᠭᠤᠨ ᠤ ᠰᠤᠩᠭᠤᠨ  ᠲᠤᠭᠲᠠᠭᠠᠭᠰᠠᠨ 20 ᠭᠠᠴᠠᠭ᠎ᠠ ᠲᠤᠰᠬᠤᠨ᠂ ᠬᠤᠳᠠ ᠪᠠᠯᠭᠠᠰᠦ ᠶᠢᠨ 2 ᠨᠡᠶᠢᠬᠡᠮ ᠲᠤᠭᠤᠷᠢᠭ᠂ 22 ᠦᠨᠳᠦᠰᠦᠨ ᠱᠠᠳᠦᠨ ᠤ ᠪᠠᠶᠢᠭᠤᠯᠭ᠎ᠠ ᠶᠢᠨ ᠲᠤᠷᠰᠢᠯᠳᠠ ᠶᠢᠨ ᠠᠵᠢᠯ ᠢ ᠪᠦᠬᠦᠨ ᠢ ᠡᠬᠢᠯᠡᠬᠦᠯᠵᠠᠢ᠃      ᠤᠶᠢᠷ᠎ᠠ ᠶᠢᠨ ᠡᠳᠦᠷ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠬᠤ + ᠤᠷᠠᠨ ᠰᠠᠶᠢᠬᠠᠨ ᠤ ᠲᠤᠬᠯᠠᠯᠳᠠ + ᠬᠠᠤᠯᠢ ᠲᠦᠬᠡᠮᠡᠯᠵᠢᠬᠦᠯᠬᠦ ᠤᠬᠠᠭᠤᠯᠭ᠎ᠠ︾᠂ ︽ᠬᠦᠳᠡᠭᠡ ᠲᠤᠰᠬᠤᠨ ᠳᠤ ᠬᠦᠰᠡᠯ ᠵᠡᠬᠦᠳᠤ ᠪᠠᠨ ᠲᠡᠷᠬᠡᠯᠰᠢᠬᠦᠯᠦᠶ᠎ᠡ · ᠪᠢᠳᠡᠨ ᠤ ᠤᠷᠠᠯᠢᠭ ᠤᠨ ᠲᠡᠪᠴᠡᠩ︾ ᠪᠦᠬᠦ ᠠᠷᠠᠳ ᠤᠨ ᠲᠤᠰᠬᠤᠨ ᠤ TV ᠶᠢᠨ ᠠᠵᠢᠯᠯᠠᠭ᠎ᠠ ᠶᠢ ᠪᠤᠯᠭᠠᠨᠬᠤᠸᠠ ᠰᠤᠮᠤ ᠳᠤ ᠦᠷᠨᠢᠬᠦᠯᠦᠭᠰᠡᠨ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠲᠦᠮᠡ ᠮᠢᠩᠭᠠᠨ ᠡᠷᠦᠬᠡ ᠳᠤ ᠤᠯᠠᠮᠵᠢᠯᠠᠬᠰᠠᠨ ᠪᠦᠭᠡᠳ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠰᠤᠶᠤᠯ ᠪᠤᠯᠤᠨ ᠨᠠᠮ ᠤᠨ ᠲᠦᠷᠦ ᠶᠢᠨ ᠪᠤᠳᠤᠯᠭ᠎ᠠ ᠶᠢ ᠤᠯᠠᠮᠵᠢᠯᠠᠵᠦ᠂ ᠪᠦᠬᠦ ᠬᠤᠰᠢᠭᠤᠨ ᠳᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠰᠠᠷ᠎ᠠ ᠶᠢᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠬᠦ ᠶᠢ ᠬᠦᠳᠦᠯᠦᠨ ᠵᠢᠯᠤᠭᠤᠳᠴᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠳᠤ ᠰᠢᠯᠢᠳᠡᠭ ᠠᠭᠤᠷ ᠠᠮᠢᠰᠬᠤᠯ ᠢ ᠡᠬᠦᠳᠴᠡᠢ᠃      ᠵᠠᠯᠠᠶᠢᠳ ᠬᠤᠰᠢᠭᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠤᠬᠠᠭᠤᠯᠭ᠎ᠠ ᠬᠦᠮᠦᠵᠢᠯ ᠤᠨ ᠰᠢᠨ᠎ᠠ ᠠᠷᠭ᠎ᠠ ᠠᠪᠴᠠᠯ ᠢ ᠲᠠᠰᠦᠷᠠᠯᠳᠠ ᠦᠬᠡᠢ ᠡᠷᠢᠯᠬᠢᠯᠡᠵᠦ᠂ ᠠᠴᠢ ᠡᠨᠡᠷᠢᠯ ᠤᠨ ᠬᠦᠮᠦᠵᠢᠯ ᠢ ᠰᠠᠶᠢᠳᠦᠷ ᠠᠳᠬᠤᠬᠤ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠬᠦᠮᠦᠵᠢᠯ ᠢ ᠰᠠᠶᠢᠳᠦᠷ ᠠᠳᠬᠤᠬᠤ᠂ ᠬᠠᠤᠯᠢᠵᠢᠯ ᠤᠨ ᠬᠦᠮᠦᠵᠢᠯ ᠢ ᠦᠷᠬᠦᠯᠵᠢ ᠴᠢᠩᠭᠠᠳᠬᠠᠵᠦ᠂ ︽ᠵᠠᠯᠠᠶᠢᠳ ᠬᠤᠰᠢᠭᠤᠨ ᠳᠤ ᠤᠯᠠᠭᠠᠨ ᠠᠨᠠᠷ ᠤᠯᠠᠶᠢᠨ᠎ᠠ ︿ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠤᠬᠠᠭᠤᠯᠭ᠎ᠠ ᠶᠢ ᠲᠦᠮᠡ ᠮᠢᠩᠭᠠᠨ ᠡᠷᠦᠬᠡ ᠳᠤ ᠬᠦᠷᠭᠡᠨ᠎ᠡ﹀︾ ᠬᠡᠭᠦ ᠭᠤᠤᠯ ᠰᠡᠳᠤᠪᠳᠤ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ︽ᠤᠳᠬ᠎ᠠ ᠤᠷᠠᠯᠢᠭ + ᠤᠬᠠᠭᠤᠯᠭ᠎ᠠ︾᠂ ︽ᠰᠠᠶᠢᠨ ᠲᠤᠷ᠎ᠠ ᠶᠢᠨ ᠦᠢᠯᠡᠴᠢᠯᠡᠭᠡ + ᠤᠬᠠᠭᠤᠯᠭ᠎ᠠ︾ ᠶᠢᠨ ᠠᠷᠭ᠎ᠠ ᠪᠠᠷ ᠨᠢᠬᠡ ᠤᠳᠠᠭᠠᠨ ᠤ ᠤᠯᠠᠨ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠤᠬᠠᠭᠤᠯᠭ᠎ᠠ ᠬᠦᠮᠦᠵᠢᠯ ᠢ ᠦᠷ᠎ᠡ ᠪᠦᠳᠦᠮᠵᠢ ᠭᠠᠷᠭᠠᠵᠦ᠂ ︽ᠵᠢᠷᠭᠤᠭᠠᠨ ᠦᠬᠦᠯᠡᠪᠦᠷᠢ ᠶᠢᠨ ᠪᠤᠳᠠᠳᠤ ᠶᠠᠪᠤᠳᠠᠯ ᠪᠠ ᠶᠤᠰᠤ ᠤᠴᠢᠷ︾ ᠢ ᠰᠠᠶᠢᠳᠦᠷ ᠲᠠᠶᠢᠯᠪᠦᠷᠢᠯᠠᠵᠦ ᠂ ᠡᠯ᠎ᠡ ᠦᠨᠳᠦᠰᠦᠳᠡᠨ ᠤ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠨ᠂ ᠨᠠᠮ ᠤᠨ ᠦᠬᠡ ᠶᠢ ᠰᠤᠨᠤᠰᠴᠦ᠂ ᠨᠠᠮ ᠢᠶᠠᠨ ᠲᠠᠭᠠᠨ ᠤᠷᠤᠬᠰᠢᠯᠠᠬᠤ ᠶᠢ ᠬᠦᠳᠦᠯᠦᠨ ᠵᠢᠯᠤᠭᠤᠳᠴᠠᠢ᠃      ᠵᠠᠯᠠᠶᠢᠳ ᠬᠤᠰᠢᠭᠤ ᠬᠠᠮᠳᠤᠪᠡᠷ ᠪᠠᠶᠠᠵᠢᠬᠤ ᠶᠢ ᠯᠠᠪᠳᠠᠭᠤᠨ ᠠᠬᠢᠭᠤᠯᠬᠤ ᠲᠤᠮᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠤᠳᠠᠰ ᠤᠨ ᠰᠠᠭᠤᠷᠢ ᠶᠢ ᠲᠠᠰᠦᠷᠠᠯᠳᠠ ᠦᠬᠡᠢ ᠪᠠᠳᠦᠳᠬᠠᠵᠦ᠂ ᠡᠯ᠎ᠡ ᠦᠨᠳᠦᠰᠦᠳᠡᠨ ᠤ ᠤᠯᠠᠨ ᠲᠦᠮᠡᠨ ᠤ ᠬᠦᠭᠵᠢᠯᠳᠡ ᠶᠢᠨ ᠦᠷ᠎ᠡ ᠪᠦᠳᠦᠬᠡᠯ ᠢ ᠬᠠᠮᠳᠤᠪᠡᠷ ᠡᠳ᠋ᠯᠡᠬᠦ ᠬᠦᠷᠳᠡᠭᠡᠮᠵᠢ ᠶᠢᠨ ᠲᠦᠷᠦᠭᠳᠡᠯ ᠲᠤᠮᠳᠠ ᠨᠠᠮ ᠢᠶᠠᠨ ᠲᠠᠭᠠᠬᠤ ᠢᠳᠡᠬᠡᠯ ᠵᠤᠷᠢᠭ ᠢ ᠪᠠᠳᠦᠳᠬᠠᠵᠠᠢ᠃    ᠢᠨᠳᠡᠷ ᠪᠠᠯᠭᠠᠰᠦ ᠶᠢᠨ ᠴᠠᠩ ᠹᠠ ᠲᠤᠰᠬᠤᠨ ᠤ ᠯᠠᠵᠤᠤ ᠡᠯᠪᠡᠭ ᠬᠤᠷᠢᠶᠠᠯᠳᠠ ᠤᠯᠪᠠ᠃ ᠲᠤᠰᠬᠤᠨ ᠤ ᠠᠷᠠᠳ ᠴᠢᠨ ᠴᠢ ᠯᠢᠨ᠄ ︽ᠯᠠᠵᠤᠤ ᠶᠢᠨ ᠵᠠᠬ᠎ᠠ ᠲᠡᠯᠬᠡᠬᠦᠷ ᠤᠨ ᠦᠷᠳᠡᠭ ᠦᠨᠳᠦᠷ᠂ ᠮᠠᠨ ᠤ ᠬᠠᠰᠢᠶᠠᠨ ᠳᠤ 3.5  ᠮᠤ᠋ ᠯᠠᠵᠤᠤ ᠲᠠᠷᠢᠵᠦ᠂ ᠨᠢᠳᠤᠨᠤᠨ ᠤ ᠴᠡᠪᠡᠷ ᠤᠷᠤᠯᠭ᠎ᠠ 1.5 ᠲᠦᠮᠡᠨ ᠲᠦᠬᠦᠷᠢᠭ ᠲᠤᠯᠵᠦ᠂ ᠡᠨᠡ ᠵᠢᠯ ᠤᠨ ᠤᠷᠭᠤᠯᠳᠠ ᠨᠢᠳᠦᠨᠦᠨ ᠠᠴᠠ ᠰᠠᠶᠢᠨ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃     ᠵᠠᠯᠠᠶᠢᠳ ᠬᠤᠰᠢᠭᠤ ᠲᠠᠪᠠᠭᠤᠯᠢᠭ ᠡᠬᠢ ᠪᠠᠶᠠᠯᠢᠭ ᠢᠶᠠᠨ ᠨᠡᠶᠢᠳᠭᠡᠵᠦ᠂ ︽ᠲᠤᠰᠬᠤᠨ ᠲᠤᠰᠬᠤᠨ ᠬᠤᠯᠪᠤᠭᠠᠯᠠᠬᠤ︾ ︽ᠲᠤᠰᠬᠤᠨ ᠠᠵᠦ ᠠᠬᠤᠶᠢᠯᠠᠯ ᠬᠤᠯᠪᠤᠭᠠᠯᠠᠬᠤ︾ ︽ᠲᠤᠰᠬᠤᠨ ᠬᠤᠷᠰᠢᠶ᠎ᠠ ᠬᠤᠯᠪᠤᠭᠠᠯᠠᠬᠤ︾ ᠪᠠᠷ ᠲᠠᠮᠵᠢᠨ ᠲᠤᠰᠬᠤᠨ ᠲᠠᠢ ᠬᠤᠯᠪᠤᠭ᠎ᠠ ᠪᠠᠶᠢᠭᠤᠯᠬᠤ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ ᠡᠯ᠎ᠡ ᠭᠠᠴᠠᠭ᠎ᠠ ᠲᠤᠰᠬᠤᠨ ᠬᠠᠮᠳᠤᠪᠡᠷ ᠠᠵᠦ ᠦᠢᠯᠡᠰ ᠤᠨ ᠲᠦᠷᠦᠯ ᠵᠦᠢᠯ ᠢ ᠠᠬᠢᠭᠤᠯᠬᠤ᠂ ᠬᠠᠮᠳᠤᠪᠡᠷ ᠤᠷᠤᠨ ᠨᠤᠳᠤᠭ ᠤᠨ ᠨᠡᠷᠡᠳᠤ ᠲᠡᠮᠳᠡᠭ ᠢ ᠪᠤᠶᠢᠵᠢᠭᠤᠯᠬᠤ ᠶᠢ ᠤᠳᠤᠷᠢᠳᠴᠦ᠂ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠪᠠ ᠲᠤᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠬᠦᠯᠵᠦ ᠪᠤᠢ᠃ ᠤᠳᠤ᠂ ᠪᠦᠬᠦ ᠬᠤᠰᠢᠭᠤᠨ ᠤ ᠡᠯ᠎ᠡ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢᠨ ᠤᠷᠤᠯᠭ᠎ᠠ 25 ᠲᠦᠮᠡᠨ ᠲᠦᠬᠦᠷᠢᠭ ᠠᠴᠠ ᠲᠡᠭᠡᠭᠰᠢ ᠭᠥᠷᠴᠥ᠂ ᠡᠬᠦᠨ ᠳᠤ᠂ 8 ᠭᠠᠴᠠᠭᠠᠨ ᠤ ᠬᠠᠮᠳᠤ ᠶᠢᠨ ᠠᠵᠦ ᠠᠬᠤᠢ ᠶᠢᠨ ᠤᠷᠤᠯᠭ᠎ᠠ 100 ᠲᠦᠮᠡᠨ ᠲᠦᠬᠦᠷᠢᠭ ᠠᠴᠠ ᠲᠡᠭᠡᠭᠰᠢ ᠭᠥᠷᠴᠡᠢ᠃      ᠵᠠᠯᠠᠶᠢᠳ ᠬᠤᠰᠢᠭᠤ ᠪᠤᠳᠠᠳᠠᠢ ᠪᠠᠶᠢᠳᠠᠯ ᠳᠠᠭᠠᠨ ᠰᠠᠭᠤᠷᠢᠯᠠᠨ᠂ ᠠᠵᠦ ᠦᠢᠯᠡᠰ ᠢᠶᠠᠷ ᠬᠠᠷᠢᠯᠴᠠᠨ ᠬᠠᠪᠰᠤᠷᠤᠯᠴᠠᠬᠤ᠂ ᠤᠯᠠᠨ ᠲᠦᠮᠡᠨ ᠬᠠᠷᠢᠯᠴᠠᠨ ᠬᠠᠪᠰᠤᠷᠤᠯᠴᠠᠬᠤ᠂ ᠦᠨᠳᠦᠰᠦᠳᠡᠨ ᠤ ᠪᠦᠯᠬᠦᠮᠳᠡᠯ ᠲᠠᠪᠰᠢᠯᠳᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠠᠵᠢᠯ ᠢ ᠤᠷᠭᠠᠨᠢᠭ ᠢᠶᠠᠷ ᠤᠶᠠᠯᠳᠤᠭᠤᠯᠵᠦ᠂ ᠤᠯᠠᠨ ᠲᠦᠮᠡᠨ ᠤ ᠤᠷᠤᠯᠭ᠎ᠠ ᠶᠢ ᠨᠡᠮᠡᠭᠳᠡᠬᠦᠯᠦᠨ᠂ ᠠᠵᠦ ᠦᠢᠯᠡᠰ ᠤᠨ ᠬᠦᠭᠵᠢᠯᠳᠡ ᠪᠤᠯᠤᠨ ᠦᠨᠳᠦᠰᠦᠳᠡᠨ ᠤ ᠪᠦᠯᠬᠦᠮᠳᠡᠯ ᠤᠨ ᠬᠠᠷᠢᠯᠴᠠᠨ ᠠᠭᠤᠰᠤᠯᠴᠠᠬᠤ᠂ ᠬᠠᠷᠢᠯᠴᠠᠨ ᠠᠬᠢᠭᠤᠯᠬᠤ ᠶᠢ ᠪᠡᠶᠡᠯᠡᠬᠦᠯᠵᠦ᠂ ᠬᠦᠭᠵᠢᠯᠳᠡ ᠶᠢᠨ ᠰᠠᠭᠤᠷᠢ ᠶᠢ ᠲᠠᠰᠦᠷᠠᠯᠳᠠ ᠦᠬᠡᠢ ᠪᠠᠳᠦᠵᠢᠭᠤᠯᠵᠦ ᠪᠤᠢ᠃      ᠵᠠᠯᠠᠶᠢᠳ ᠬᠤᠰᠢᠭᠤ ᠦᠨᠳᠦᠰᠦᠨ ᠱᠠᠳᠦᠨ ᠤ ᠵᠠᠰᠠᠯᠳᠠ ᠶᠢᠨ ᠰᠢᠰᠲ᠋ᠧᠮ ᠪᠠ ᠦᠨᠳᠦᠰᠦᠳᠡᠨ ᠤ ᠬᠡᠷᠡᠭ ᠡᠷᠬᠢᠯᠡᠬᠦ ᠶᠠᠪᠤᠳᠠᠯ ᠤᠨ ᠵᠠᠰᠠᠯᠳᠠ ᠶᠢᠨ ᠰᠢᠰᠲ᠋ᠧᠮ ᠢ ᠤᠷᠭᠠᠨᠢᠭ ᠢᠶᠠᠷ ᠠᠭᠤᠰᠤᠯᠴᠠᠭᠤᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠨᠡᠶᠢᠬᠡᠮᠯᠢᠭ᠂ ᠲᠤᠤᠷᠵᠢᠭᠤᠯᠤᠬᠴᠢ ᠵᠡᠷᠭᠡ ᠠᠵᠢᠯ ᠤᠨ ᠲᠤᠬᠳᠠᠴᠠ ᠳᠤ ᠲᠦᠰᠢᠭᠯᠡᠨ᠂ ᠪᠦᠬᠦ ᠬᠤᠰᠢᠭᠤᠨ ᠳᠤ 1395 ᠨᠡᠷᠡᠰ ᠬᠠᠷᠢᠯᠴᠠᠬᠴᠢ ᠪᠠ ᠲᠤᠤᠷᠵᠢᠭᠤᠯᠤᠬᠴᠢ ᠲᠤᠬᠢᠷᠠᠭᠤᠯᠵᠦ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠤᠭᠠᠨ ᠢ ᠰᠶᠢᠳᠪᠦᠷᠢᠯᠡᠵᠦ᠂ ᠥᠨᠳᠤᠰᠤᠳᠡᠨ ᠤ ᠪᠦᠯᠬᠦᠮᠳᠡᠯ ᠲᠠᠪᠰᠢᠯᠳᠡ ᠶᠢ ᠠᠬᠢᠭᠤᠯᠵᠦ ᠪᠤᠢ᠃     ᠤᠳᠤ᠂ ᠵᠠᠯᠠᠶᠢᠳ ᠬᠤᠰᠢᠭᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠥ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠡᠯ᠎ᠡ ᠦᠨᠳᠦᠰᠦᠳᠡᠨ ᠤ ᠤᠯᠠᠨ ᠲᠦᠮᠡᠨ ᠤ ᠰᠡᠳᠬᠢᠯ ᠳᠤ ᠬᠦᠨ ᠬᠠᠳᠠᠩᠰᠢᠭᠤᠯᠵᠦ ᠪᠤᠢ᠃    ︵ᠪᠠᠢ ᠢᠤᠢ ᠯᠢᠶᠠᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号