ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠪᠠᠶᠠᠨᠵᠢᠷᠦᠬᠡ ᠲᠤᠰᠬᠤᠨ ᠳᠤ ᠠᠯᠪᠠᠨ ᠵᠢᠷᠦᠮ ᠤᠨ ᠡᠮᠴᠢᠯᠡᠭᠡ ᠬᠢᠵᠡᠢ
ᠨᠡᠶᠢᠲᠡᠯᠡᠭᠰᠡᠨ ᠴᠠᠭ᠄
2024/9/12
     ᠤᠯᠠᠨ ᠲᠦᠮᠡᠨ ᠤ ᠡᠷᠡᠬᠦᠯ ᠮᠡᠨᠳᠤ ᠶᠢᠨ ᠤᠬᠠᠮᠰᠠᠷ ᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ᠂ ᠠᠶᠢᠮᠠᠭ ᠤᠨ ᠲᠦᠯᠦᠪᠯᠡᠭᠡᠳᠤ ᠦᠷᠡᠵᠢᠯ ᠤᠨ ᠨᠡᠶᠢᠬᠡᠮᠯᠢᠭ ᠲᠠᠢ ᠬᠠᠮᠳᠤᠷᠠᠨ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠦ ᠶᠢᠨ ᠪᠠᠶᠠᠨᠵᠢᠷᠦᠬᠡ ᠲᠤᠰᠬᠤᠨ ᠳᠤ ᠬᠦᠷᠴᠦ ᠠᠯᠪᠠᠨ ᠵᠢᠷᠦᠮ ᠤᠨ ᠡᠮᠴᠢᠯᠡᠭᠡ ᠶᠢᠨ ᠠᠵᠢᠯᠯᠠᠭ᠎ᠠ ᠦᠷᠨᠢᠬᠦᠯᠵᠡᠢ      ᠠᠵᠢᠯᠯᠠᠭ᠎ᠠ ᠳᠤ᠂ ᠠᠶᠢᠮᠠᠭ ᠤᠨ ᠲᠦᠯᠦᠪᠯᠡᠭᠡᠳᠤ ᠦᠷᠡᠵᠢᠯ ᠤᠨ ᠨᠡᠶᠢᠭᠡᠮᠯᠢᠭ ᠤᠨ ᠬᠡᠰᠢᠬᠦᠳ ᠤᠯᠠᠨ ᠲᠦᠮᠡᠨ ᠳᠤ ︽ᠭᠤᠷᠪᠠᠨ ᠬᠡᠤᠬᠡᠳ ᠤᠨ ᠲᠦᠷᠦ ᠶᠢᠨ ᠪᠤᠳᠤᠯᠭ᠎ᠠ︾᠂ ᠡᠷᠡᠬᠦᠯ ᠴᠢᠬᠢᠷᠠᠭ ᠠᠮᠢᠳᠦᠷᠠᠯ ᠤᠨ ᠠᠷᠭ᠎ᠠ ᠮᠠᠶ᠋ᠢᠭ ᠵᠡᠷᠭᠡ ᠲᠥᠷᠥ ᠶᠢᠨ ᠪᠤᠳᠤᠯᠭ᠎ᠠ᠂ ᠡᠷᠠᠬᠦᠯ ᠮᠠᠨᠳᠥ ᠶᠢᠨ ᠮᠡᠳᠡᠯᠬᠡ ᠶᠢ ᠲᠠᠶᠢᠯᠪᠦᠷᠢᠯᠠᠬᠰᠠᠨ ᠪᠦᠭᠡᠳ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠠᠢ᠃ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠲᠡᠯᠢᠬᠦᠦ ᠬᠤᠳᠤᠭᠤᠳᠤ ᠶᠢᠨ ᠡᠪᠡᠳᠴᠢᠨ ᠤ ᠰᠠᠯᠠᠭ᠎ᠠ᠂ ᠢᠯᠡᠷᠡᠭᠡᠳᠦᠢ ᠡᠪᠡᠳᠴᠢᠨ ᠤ ᠰᠠᠯᠠᠭ᠎ᠠ ᠶᠢᠨ ᠡᠮᠴᠢᠯᠡᠬᠡᠨ ᠤ ᠪᠦᠯᠬᠦᠮ ᠡᠮᠴᠢᠯᠡᠬᠦᠯᠬᠦ ᠪᠠᠷ ᠢᠷᠡᠭᠰᠡᠨ ᠤᠯᠠᠨ ᠲᠦᠮᠡᠨ ᠳᠤ ᠪᠡᠶ᠎ᠡ ᠶᠢᠨ ᠪᠠᠶᠢᠴᠠᠭᠠᠯᠳᠠ ᠬᠢᠵᠦ ᠦᠭᠬᠦᠭᠰᠡᠨ ᠪᠦᠭᠡᠳ ᠲᠤᠰᠬᠠᠢ ᠮᠡᠷᠬᠡᠵᠢᠯ ᠤᠨ ᠤᠨᠤᠰᠢᠯᠠᠨ ᠵᠠᠰᠠᠬᠤ ᠰᠠᠨᠠᠭᠤᠯᠭ᠎ᠠ ᠲᠤᠷᠠᠳᠴᠦ ᠦᠭᠴᠡᠢ᠃ ᠡᠮᠴᠢ ᠨᠠᠷ ᠠᠴᠠ ᠪᠠᠰᠠ ᠠᠷᠬᠠᠭ ᠡᠪᠡᠳᠴᠢᠨ ᠲᠠᠢ ᠬᠦᠮᠦᠰ ᠲᠤ ᠦᠪᠡᠷᠮᠢᠴᠢᠯᠡᠭᠰᠡᠨ ᠡᠷᠡᠬᠦᠯ ᠬᠠᠮᠠᠭᠠᠯᠠᠯ ᠤᠨ ᠬᠠᠮᠢᠶᠠᠷᠦᠯᠳᠠ ᠶᠢᠨ ᠲᠦᠰᠦᠪ ᠲᠤᠬᠳᠠᠭᠠᠵᠦ᠂ ᠢᠳᠡᠬᠡᠨ ᠤᠮᠳᠠᠭᠠᠨ᠂ ᠪᠡᠶ᠎ᠡ ᠪᠠᠨ ᠪᠤᠯᠪᠠᠰᠦᠷᠠᠭᠤᠯᠬᠤ ᠪᠠ ᠡᠮ ᠢᠶᠠᠷ ᠵᠠᠰᠠᠬᠤ ᠵᠡᠷᠭᠡ ᠲᠠᠯ᠎ᠠ ᠪᠠᠷ ᠰᠠᠨᠠᠭᠤᠯᠭ᠎ᠠ ᠲᠤᠷᠠᠳᠴᠦ ᠦᠭᠴᠡᠢ᠃      ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠦᠷᠬᠦᠯᠵᠢᠯᠡᠨ ᠨᠡᠶᠢᠳᠡ ᠶᠢᠨ ᠠᠰᠠᠷᠠᠮᠵᠢ ᠶᠢᠨ ᠠᠯᠪᠠᠨ ᠵᠢᠷᠦᠮ ᠤᠨ ᠡᠮᠴᠢᠯᠡᠭᠡ ᠶᠢᠨ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠳᠤ ᠲᠤᠰᠬᠠᠢ ᠮᠡᠷᠬᠡᠵᠢᠯ ᠤᠨ ᠡᠮᠴᠢᠯᠡᠬᠡᠨ ᠤ ᠦᠢᠯᠡᠴᠢᠯᠡᠭᠡ ᠪᠠ ᠡᠷᠡᠬᠦᠯ ᠬᠠᠮᠠᠭᠠᠯᠠᠯ ᠤᠨ ᠠᠰᠠᠭᠤᠨ ᠯᠠᠪᠯᠠᠯᠳᠠ ᠬᠠᠨᠭ᠍ᠭᠠᠵᠦ᠂ ᠪᠥᠭᠦ ᠠᠶᠢᠮᠠᠬ ᠤᠨ ᠠᠷᠠᠳ ᠲᠦᠮᠡᠨ ᠤ ᠡᠷᠡᠬᠦᠯ ᠮᠡᠨᠳᠤ ᠶᠢ ᠪᠦᠬᠦ ᠬᠦᠴᠦ ᠪᠠᠷ ᠰᠠᠬᠢᠨ ᠬᠠᠮᠠᠭᠠᠯᠠᠬᠤ ᠪᠤᠯᠤᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号