| ᠤᠶᠢᠷ᠎ᠠ ᠶᠢᠨ ᠵᠢᠯ ᠳᠤ᠂ ᠬᠢᠩᠭᠠᠨ ᠠᠶᠢᠮᠠᠭ ᠡᠬᠢ ᠪᠠᠶᠠᠯᠢᠭ ᠤᠨ ᠲᠠᠪᠠᠭᠤᠯᠢᠭ ᠲᠠᠭᠠᠨ ᠰᠠᠭᠤᠷᠢᠯᠠᠨ᠂ ᠬᠢᠩᠭᠠᠨ | ᠠᠶᠢᠮᠠᠭ ᠤᠨ ᠲᠤᠳᠤᠷᠭ᠎ᠠ ᠶᠢᠨ ᠠᠵᠤ ᠦᠢᠯᠡᠰ ᠤᠨ ᠬᠦᠭᠵᠢᠯᠳᠠ ᠪᠠᠷ ᠡᠯ᠎ᠠ ᠦᠨᠳᠤᠰᠤᠳᠡᠨ ᠤ ᠤᠯᠠᠨ ᠲᠦᠮᠡᠨ ᠤ | ᠦᠷᠭᠡᠨ ᠢᠶᠠᠷ ᠶᠠᠪᠤᠯᠴᠠᠬᠤ᠂ ᠬᠠᠮᠳᠤᠪᠠᠷ ᠪᠠᠶᠠᠵᠢᠬᠤ ᠵᠠᠮ ᠢ ᠦᠷᠭᠡᠳᠭᠡᠵᠤ᠂ ᠲᠤᠮᠳᠠᠳᠤ ᠶᠢᠨ ᠦᠨᠳᠤᠰᠤᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠨ᠂ 2023 ᠤᠨ ᠤ ᠰᠡᠬᠦᠯᠴᠢ ᠪᠠᠷ ︽ᠬᠢᠩᠭᠠᠨ | ᠠᠶᠢᠮᠠᠭ ᠤᠨ ᠲᠤᠳᠤᠷᠭ᠎ᠠ︾ ᠶᠢᠨ ᠤᠷᠤᠨ ᠲᠤᠭᠤᠷᠢᠭ ᠤᠨ ᠨᠡᠶᠢᠳᠠ ᠶᠢᠨ ᠬᠡᠷᠡᠭᠯᠡᠭᠡᠨ ᠤ ᠨᠡᠷᠡᠳᠤ ᠲᠡᠮᠳᠡᠭ ᠤᠨ ᠦᠨ᠎ᠠ | ᠦᠷᠳᠡᠭ 262.87 ᠳ᠋ᠦᠩᠰᠢᠭᠤᠷ ᠲᠦᠬᠦᠷᠢᠭ ᠲᠤ ᠬᠦᠷᠥᠭᠰᠡᠨ ᠴᠢᠮᠡᠭᠡ ᠨᠢ ᠬᠢᠩᠭᠠᠨ ᠠᠶᠢᠮᠠᠭ ᠤᠨ ᠲᠤᠳᠤᠷᠭ᠎ᠠ ᠶᠢᠨ | ᠠᠵᠤ ᠦᠢᠯᠡᠰ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠨᠡᠭᠡᠭᠡᠯᠠ᠃ | ︽︿ᠬᠢᠩᠭᠠᠨ ᠠᠶᠢᠮᠠᠭ ᠤᠨ ᠲᠤᠳᠤᠷᠭ᠎ᠠ﹀ ᠶᠢᠨ ᠨᠡᠷ᠎ᠠ ᠠᠯᠳᠠᠷᠰᠢᠯ ᠲᠡᠭᠡᠭᠰᠢᠯᠡᠪᠡᠯ ᠪᠢᠳᠠᠨ ᠤ ᠲᠤᠳᠤᠷᠭ᠎ᠠ ᠨᠡᠩ | ᠤᠯᠠᠨ ᠬᠤᠳᠠᠯᠳᠤᠵᠤ ᠴᠢᠳᠠᠨ᠎ᠠ᠃ ᠡ᠊ᠨᠠ ᠵᠢᠯ ᠪᠢᠳᠠ 600 ᠮᠤ᠋ ᠤᠰᠤᠨ ᠲᠤᠳᠤᠷᠭ᠎ᠠ ᠲᠠᠷᠢᠵᠠᠢ︾ ᠭᠡᠵᠤ | ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ︽ᠵᠧᠨ ᠸᠧᠢ ᠳ᠋ᠤᠤ︾ ᠭᠡᠷ ᠪᠦᠯᠢ ᠶᠢᠨ ᠲᠠᠷᠢᠶᠠᠯᠠᠩ ᠤᠨ | ᠲᠠᠯᠠᠪᠠᠢ ᠶᠢᠨ ᠬᠠᠷᠢᠭᠤᠴᠠᠯᠭᠠᠳᠠᠨ ᠯᠢᠶᠠᠩ ᠵᠦᠩ ᠰᠢᠶᠤᠤ ᠪᠠᠶᠠᠷᠳᠠᠢ ᠶᠠᠷᠢᠨ᠎ᠠ᠃ | ᠤᠶᠢᠷ᠎ᠠ ᠶᠢᠨ ᠵᠢᠯ ᠠᠴᠠ ᠨᠠᠭᠠᠰᠢ ᠬᠢᠩᠭᠠᠨ ᠠᠶᠢᠮᠠᠭ ︽ᠬᠢᠩᠭᠠᠨ ᠠᠶᠢᠮᠠᠭ ᠤᠨ ᠲᠤᠳᠤᠷᠭ᠎ᠠ︾ ᠶᠢᠨ ᠨᠡᠷᠡᠳᠤ | ᠲᠡᠮᠳᠡᠭ ᠤᠨ ᠪᠦᠳᠤᠭᠡᠨ ᠪᠠᠶᠢᠭᠤᠯᠤᠯᠳᠠ ᠶᠢ ᠪᠦᠬᠦ ᠠᠶᠢᠮᠠᠭ ᠤᠨ ᠲᠠᠷᠢᠶᠠᠯᠠᠩ ᠤᠨ ᠦᠢᠯᠡᠰ ᠤᠨ ᠭᠤᠤᠯᠳᠠᠯᠭ᠎ᠠ ᠲᠠᠢ | ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠳᠤ ᠤᠷᠤᠭᠤᠯᠵᠤ᠂ ᠬᠢᠩᠭᠠᠨ ᠠᠳᠠᠷ ᠬᠠᠭᠠᠯᠪᠤᠷᠢᠯᠠᠯᠳᠠ ᠶᠢᠨ ︽ | ᠤᠯᠤᠰ ᠤᠨ ᠠᠵᠤ ᠠᠬᠤᠶᠢᠯᠠᠯ︾ ᠤᠨ ᠲᠠᠪᠠᠭᠤᠯᠢᠭ ᠢᠶᠠᠨ ᠪᠠᠳᠠᠷᠠᠭᠤᠯᠤᠨ᠂ ᠬᠢᠩᠭᠠᠨ ᠠᠶᠢᠮᠠᠭ ᠤᠨ ᠲᠤᠳᠤᠷᠭ᠎ᠠ ᠶᠢᠨ | ᠠᠵᠤ ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ︽ᠲᠠᠪᠴᠠᠩ ᠢᠶᠠᠷ ᠠᠵᠤ ᠦᠢᠯᠡᠰ ᠢ ᠨᠢᠭᠡᠳᠤᠬᠦᠯᠬᠦ᠂ ᠡᠵᠡᠩᠨᠡᠨ | ᠪᠤᠷᠤᠯᠠᠭᠤᠯᠬᠤ ᠪᠠᠷ ᠦᠢᠯᠡᠳᠪᠤᠷᠢᠯᠡᠯ ᠤᠨ ᠬᠦᠴᠤᠨ ᠢ ᠤᠷᠮᠠᠰᠢᠭᠤᠯᠬᠤ᠂ ᠨᠡᠷᠡᠳᠤ ᠲᠡᠮᠳᠡᠭ ᠢᠶᠠᠷ ᠶᠠᠰᠤ ᠴᠢᠨᠠᠷ ᠢ | ᠲᠡᠭᠡᠭᠰᠢᠯᠡᠬᠦᠯᠬᠦ︾ ᠬᠦᠭᠵᠢᠯᠳᠠ ᠶᠢᠨ ᠰᠡᠳᠬᠢᠴᠠ ᠶᠢ ᠪᠦᠬᠦ ᠬᠦᠴᠤᠨ ᠢᠶᠠᠷ ᠨᠠᠶᠢᠳᠠᠪᠤᠷᠢᠵᠢᠭᠤᠯᠪᠠ᠃ ᠬᠢᠩᠭᠠᠨ | ᠠᠶᠢᠮᠠᠭ ᠤᠨ ᠲᠤᠳᠤᠷᠭ᠎ᠠ ᠶᠢᠨ ᠺᠤᠮᠫᠠᠨᠢ ᠪᠠᠶᠢᠭᠤᠯᠵᠤ᠂ ᠬᠢᠩᠭᠠᠨ ᠠᠶᠢᠮᠠᠭ ᠤᠨ ᠲᠤᠳᠤᠷᠭ᠎ᠠ ᠶᠢᠨ ᠨᠡᠷᠡᠳᠤ ᠲᠡᠮᠳᠡᠭ ᠤᠨ | ᠦᠷ᠎ᠠ ᠠᠰᠢᠭ ᠢ ᠲᠡᠭᠡᠭᠰᠢᠯᠡᠬᠦᠯᠬᠦ ᠢᠨᠵᠧᠨᠧᠷᠢᠩ ᠢ ᠬᠦᠴᠤᠯᠠᠨ ᠠᠬᠢᠭᠤᠯᠵᠤ᠂ ᠲᠤᠳᠤᠷᠭ᠎ᠠ ᠶᠢᠨ ᠠᠵᠤ ᠦᠢᠯᠡᠰ ᠤᠨ | ︽ᠦᠢᠯᠡᠳᠪᠤᠷᠢᠯᠡᠬᠦ ᠪᠤᠯᠪᠠᠰᠤᠷᠠᠭᠤᠯᠬᠤ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ︾ ︽ᠠᠷᠠᠯᠵᠢᠶ᠎ᠠ | ᠦᠢᠯᠡᠳᠪᠤᠷᠢ ᠲᠠᠷᠢᠶᠠᠯᠠᠩ ᠬᠡᠯᠬᠢᠶᠡᠵᠢᠭᠰᠡᠨ︾ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠯ ᠬᠦᠭᠵᠢᠯᠳᠠ ᠶᠢ ᠠᠬᠢᠭᠤᠯᠵᠤ᠂ ︽ᠬᠢᠩᠭᠠᠨ ᠠᠶᠢᠮᠠᠭ ᠤᠨ ᠲᠤᠳᠤᠷᠭ᠎ᠠ︾ ᠶᠢᠨ ᠲᠦᠷᠤᠯ ᠵᠦᠢᠯ | ᠠᠷᠪᠢᠨ᠂ ᠶᠠᠰᠤ ᠴᠢᠨᠠᠷ ᠠᠳᠠᠯᠢ ᠪᠤᠰᠤ ᠠᠰᠠᠭᠤᠳᠠᠯ ᠢ ᠪᠦᠳᠤᠮᠵᠢᠳᠠᠢ ᠰᠶᠢᠳᠪᠤᠷᠢᠯᠡᠵᠤ᠂ ︽ᠬᠢᠩᠭᠠᠨ ᠠᠶᠢᠮᠠᠭ ᠤᠨ | ᠲᠤᠳᠤᠷᠭ᠎ᠠ︾ ᠶᠢᠨ ᠨᠡᠷᠡᠳᠤ ᠲᠡᠮᠳᠡᠭ ᠤᠨ ᠴᠤᠭᠯᠠᠷᠠᠯ ᠢ ᠪᠦᠷᠢᠯᠳᠤᠬᠦᠯᠪᠡ᠃ | ︽ᠬᠢᠩᠭᠠᠨ ᠠᠶᠢᠮᠠᠭ ᠤᠨ ᠲᠤᠳᠤᠷᠭ᠎ᠠ︾ ᠶᠢᠨ ᠨᠡᠷᠡᠳᠤ ᠲᠡᠮᠳᠡᠭ ᠨᠢ ᠤᠷᠢᠳ ᠬᠤᠵᠢᠳ ᠤᠯᠤᠰ ᠤᠨ ᠭᠠᠵᠠᠷ | ᠵᠦᠢ ᠶᠢᠨ ᠢᠯᠡᠷᠭᠡᠶᠢᠯᠡᠯ ᠢ ᠭᠡᠷᠡᠴᠢᠯᠡᠬᠦ᠂ ︽ᠲᠤᠮᠳᠠᠳᠤ ᠤᠯᠤᠰ ᠤᠨ ᠠᠷᠪᠠᠨ ᠶᠡᠭᠡ ᠲᠤᠳᠤᠷᠭ᠎ᠠ ᠶᠢᠨ ᠤᠷᠤᠨ | ᠲᠤᠭᠤᠷᠢᠭ ᠤᠨ ᠨᠡᠶᠢᠳᠠ ᠶᠢᠨ ᠬᠡᠷᠡᠭᠯᠡᠭᠡᠨ ᠤ ᠨᠡᠷᠡᠳᠤ ᠲᠡᠮᠳᠡᠭ︾ ︽ᠲᠤᠮᠳᠠᠳᠤ ᠤᠯᠤᠰ ᠤᠨ ᠠᠷᠪᠠᠨ ᠠᠮᠳᠠᠳᠤ | ᠲᠤᠳᠤᠷᠭ᠎ᠠ︾ ︽ᠲᠤᠮᠳᠠᠳᠤ ᠤᠯᠤᠰ ᠤᠨ ᠲᠠᠷᠢᠶᠠᠯᠠᠩ ᠤᠨ ᠨᠡᠷᠡᠳᠤ ᠲᠡᠮᠳᠡᠭ ᠤᠨ ᠭᠠᠷᠴᠠᠭ 2019 ᠲᠠᠷᠢᠶᠠᠯᠠᠩ ᠤᠨ | ᠪᠦᠳᠤᠭᠡᠭᠳᠡᠬᠦᠨ ᠤ ᠤᠷᠤᠨ ᠲᠤᠭᠤᠷᠢᠭ ᠤᠨ ᠨᠡᠶᠢᠳᠠ ᠶᠢᠨ ᠬᠡᠷᠡᠭᠯᠡᠭᠡᠨ ᠤ ᠨᠡᠷᠡᠳᠤ ᠲᠡᠮᠳᠡᠭ︾ ᠵᠡᠷᠭᠡ ᠨᠡᠷᠡᠶᠢᠳᠤᠯ ᠢ | ᠬᠦᠷᠳᠡᠪᠡ᠃ | ᠨᠡᠷᠡᠳᠤ ᠲᠡᠮᠳᠡᠭ ᠤᠨ ᠪᠦᠳᠤᠭᠡᠨ ᠪᠠᠶᠢᠭᠤᠯᠤᠯᠳᠠ᠂ ᠶᠠᠰᠤ ᠴᠢᠨᠠᠷ ᠤᠨ ᠲᠡᠭᠡᠭᠰᠢᠯᠡᠯᠳᠠ᠂ ᠰᠢᠨᠵᠢᠯᠡᠬᠦ ᠤᠬᠠᠭᠠᠨ | ᠪᠠ ᠰᠢᠨ᠎ᠠ ᠶᠢ ᠡᠬᠦᠳᠬᠦ ᠪᠠᠷ ᠲᠠᠮᠵᠢᠨ ᠬᠢᠩᠭᠠᠨ ᠠᠶᠢᠮᠠᠭ ᠤᠨ ᠲᠤᠳᠤᠷᠭ᠎ᠠ ᠶᠢᠨ ᠠᠵᠤ ᠦᠢᠯᠡᠰ ᠨᠢ | ᠤᠳᠤᠬᠢᠴᠢᠯᠠᠯᠳᠠ ᠶᠢᠨ ᠬᠠᠷᠠᠯᠳᠠ ᠲᠡᠶᠢᠰᠢ ᠲᠦᠷᠭᠡᠯᠡᠨ ᠬᠦᠭᠵᠢᠵᠤ ᠪᠤᠢ᠃ | ᠲᠤᠳᠤᠷᠭ᠎ᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨᠴᠢ ᠠᠭᠤᠯᠤᠬᠤᠨ ᠢ ᠲᠡᠭᠡᠭᠰᠢᠯᠡᠬᠦᠯᠬᠦ ᠪᠠᠷ᠂ ᠬᠢᠩᠭᠠᠨ | ᠠᠶᠢᠮᠠᠭ ᠶᠤᠸᠠᠨ ᠯᠦᠩ ᠫᠢᠩ ᠠᠺᠠᠳᠧᠮᠢᠴᠢ ᠶᠢᠨ ᠲᠤᠰᠬᠠᠢ ᠮᠡᠷᠭᠡᠵᠢᠯᠳᠠᠨ ᠤ ᠠᠵᠢᠯ ᠤᠨ ᠦᠷᠳᠡᠭᠡ ᠶᠢ ᠢᠳᠡᠪᠬᠢᠳᠠᠢ | ᠲᠠᠳᠠᠨ ᠤᠷᠤᠭᠤᠯᠵᠤ᠂ ᠲᠤᠰᠬᠠᠢ ᠮᠡᠷᠭᠡᠵᠢᠯᠳᠠᠨ ᠤ ᠵᠢᠯᠤᠭᠤᠳᠤᠯᠭ᠎ᠠ ᠲᠤᠤᠷ᠎ᠠ ᠦᠨᠳᠤᠷ ᠲᠡᠰ ᠲᠠᠪᠬᠤᠷᠭ᠎ᠠ ᠶᠢᠨ | ᠰᠤᠳᠤᠯᠤᠨ ᠨᠡᠭᠡᠭᠡᠬᠦ ᠲᠠᠪᠴᠠᠩ ᠪᠠ ᠠᠵᠤ ᠦᠢᠯᠡᠰᠵᠢᠭᠰᠡᠨ ᠲᠡᠯᠭᠡᠷᠡᠬᠦᠯᠤᠯᠳᠠ ᠶᠢᠨ ᠲᠠᠪᠴᠠᠩ ᠢ 5 ᠪᠠᠶᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠲᠦᠷᠤᠯ ᠵᠦᠢᠯ ᠢ 5 ᠴᠢᠷᠮᠠᠶᠢᠨ ᠤᠯᠵᠤ᠂ ᠡᠯ᠎ᠠ ᠵᠦᠢᠯ ᠤᠨ ᠲᠤᠰᠬᠠᠢ ᠠᠰᠢᠭ ᠢ | 7 ᠬᠦᠷᠳᠡᠵᠤ᠂ ᠮᠡᠷᠭᠡᠵᠢᠯ ᠤᠨ ᠬᠡᠯᠪᠡᠷᠢ ᠪᠤᠶᠤ ᠲᠦᠷᠢᠮ ᠢ 6 ᠪᠤᠢ ᠪᠤᠯᠭᠠᠪᠠ᠃ ᠲᠦᠪ ᠴᠢᠩᠭ᠎ᠠ ᠰᠢᠯᠢᠯᠳᠠ ᠪᠠᠷ | ᠲᠠᠮᠵᠢᠨ ᠪᠡᠶ᠎ᠠ ᠪᠠᠨ ᠲᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠤᠰᠤᠨ ᠲᠤᠳᠤᠷᠭ᠎ᠠ ᠶᠢᠨ ᠰᠢᠨ᠎ᠠ | ᠲᠦᠷᠤᠯ ᠵᠦᠢᠯ ᠢ 2 ᠬᠢᠨᠠᠨ ᠲᠤᠭᠳᠠᠭᠠᠪᠠ᠃ ᠡᠳᠡᠭᠡᠷ ᠰᠢᠨᠵᠢᠯᠡᠬᠦ ᠤᠬᠠᠭᠠᠨ ᠤ ᠦᠷ᠎ᠠ ᠪᠦᠳᠤᠮᠵᠢ ᠨᠢ ᠬᠢᠩᠭᠠᠨ | ᠠᠶᠢᠮᠠᠭ ᠤᠨ ᠲᠤᠳᠤᠷᠭ᠎ᠠ ᠶᠢᠨ ᠠᠵᠤ ᠦᠢᠯᠡᠰ ᠤᠨ ᠦᠷᠬᠦᠯᠵᠢᠯᠡᠬᠦ᠋ᠴᠠ ᠬᠦᠭᠵᠢᠯᠳᠠ ᠳᠤ ᠬᠦᠴᠤᠷᠬᠡᠭ ᠶᠡᠭᠡ | ᠰᠢᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠪᠠ᠃ | ︽ᠤᠤᠯ ᠳᠠᠭᠠᠨ ᠲᠠᠷᠢᠶ᠎ᠠ ᠲᠠᠷᠢᠬᠤ ᠳᠤ ᠮᠡᠷᠭᠡᠵᠢᠯ ᠳᠤ ᠲᠦᠰᠢᠭᠯᠡᠨ᠎ᠠ᠂ ᠤᠳᠤᠬᠠᠨ ᠳᠤ᠂ ᠰᠢᠨᠵᠢᠯᠡᠬᠦ | ᠤᠬᠠᠭᠠᠠ ᠳᠤ ᠲᠦᠰᠢᠭᠯᠡᠵᠤ᠂ ᠲᠠᠷᠢᠶᠠᠯᠠᠩ ᠤᠨ ᠮᠠᠰᠢᠨ ᠳᠤ ᠴᠠᠬᠢᠯᠭᠠᠨ ᠬᠦᠳᠡᠯᠭᠡᠬᠦᠷᠳᠤ ᠵᠠᠯᠠᠭᠤᠷ᠂ ᠠᠦ᠋ᠲ᠋ᠤ᠋ | ᠵᠠᠮᠴᠢᠯᠠᠭᠤᠷ ᠤᠨ ᠰᠢᠰᠲ᠋ᠧᠮ ᠪᠠ ᠲᠠᠭᠠᠭᠤᠯᠢ ᠤᠳᠤᠨ ᠤ ᠭᠠᠵᠠᠷ ᠲᠡᠭᠰᠢᠯᠡᠬᠦ ᠰᠢᠰᠲ᠋ᠧᠮ ᠲᠠᠢ ᠪᠤᠯᠵᠤ᠂ ᠴᠠᠭ ᠪᠠ | ᠬᠦᠴᠤ ᠶᠢ ᠠᠷᠪᠢᠯᠠᠭᠰᠠᠨ ᠪᠦᠭᠡᠳ ᠦᠷ᠎ᠠ ᠠᠰᠢᠭ ᠪᠠᠰᠠ ᠦᠨᠳᠤᠷ ᠪᠤᠯᠵᠠᠢ︾ ᠭᠡᠵᠤ ᠵᠠᠯᠠᠶᠢᠳ ᠬᠤᠰᠢᠭᠤᠨ ᠤ | ᠬᠤᠯᠪᠤᠭ᠎ᠠ ᠪᠠᠯᠭᠠᠰᠤᠨ ᠤ ᠡᠣ ᠳ᠋ᠤᠤ ᠡᡁᠤ ᠽᠢ ᠲᠠᠷᠢᠶᠠᠯᠠᠩ ᠮᠠᠯᠵᠢᠯ ᠤᠨ ᠲᠤᠰᠬᠠᠢ ᠬᠤᠷᠰᠢᠶ᠎ᠠ ᠶᠢᠨ ᠬᠡᠷᠡᠭ | ᠡᠷᠬᠢᠯᠡᠭᠴᠢ ᠶᠢᠨ ᠲᠠᠷᠤᠭ᠎ᠠ ᠳ᠋ᠦ᠋ ᠭᠠᠩ ᠤᠶᠤᠨᠴᠢ ᠲᠠᠷᠢᠶᠠᠯᠠᠩ ᠤᠨ ᠰᠢᠨ᠎ᠠ ᠬᠤᠪᠢᠷᠠᠯᠳᠠ ᠶᠢ ᠲᠠᠨᠢᠯᠴᠠᠭᠤᠯᠤᠨ᠎ᠠ᠃ | ᠬᠠᠪᠤᠷ ᠤᠨ ᠲᠠᠷᠢᠶᠠᠯᠠᠭ᠎ᠠ ᠠᠴᠠ ᠲᠠᠷᠢᠶᠠᠨ ᠭᠠᠵᠠᠷ ᠤᠨ ᠬᠠᠮᠢᠶᠠᠷᠤᠯᠳᠠ᠂ ᠨᠠᠮᠤᠷ ᠤᠨ ᠬᠤᠷᠢᠶᠠᠯᠳᠠ ᠬᠦᠷᠳᠡᠯ᠎ᠠ᠂ | ᠵᠠᠯᠠᠶᠢᠳ ᠬᠤᠰᠢᠭᠤ ︽ᠤᠶᠤᠨᠴᠢ︾ ᠮᠡᠷᠭᠡᠵᠢᠯ ᠢ ᠲᠠᠷᠢᠶᠠᠯᠠᠩ ᠦᠢᠯᠡᠳᠪᠤᠷᠢᠯᠡᠯ ᠤᠨ ᠡᠯ᠎ᠠ ᠭᠤᠭᠴᠤᠭ᠎ᠠ ᠳᠤ | ᠠᠰᠢᠭᠯᠠᠯᠠ᠃ | ᠤᠷᠴᠢᠮ ᠤᠨ ᠵᠢᠯ ᠤᠳ ᠲᠤ᠂ ᠲᠤᠭᠠᠴᠢᠯᠠᠭᠰᠠᠨ ᠲᠠᠷᠢᠶᠠᠯᠠᠩ ᠬᠦᠳᠡᠭᠡ ᠲᠤᠰᠬᠤᠨ ᠤ ᠲᠧᠭᠨᠢᠭ ᠮᠡᠷᠭᠡᠵᠢᠯ ᠤᠨ | ᠦᠢᠯᠡᠴᠢᠯᠡᠭᠡᠨ ᠤ ᠲᠦᠪ ᠪᠠ ᠤᠶᠤᠨᠴᠢ ᠲᠠᠷᠢᠶᠠᠯᠠᠩ ᠤᠨ ᠲᠠᠯᠠᠪᠠᠢ ᠵᠡᠷᠭᠡ ᠨᠢᠭᠡ ᠪᠦᠯᠥᠭ ᠤᠶᠤᠨᠴᠢ ᠲᠠᠷᠢᠶᠠᠯᠠᠩ ᠤᠨ | ᠰᠢᠨ᠎ᠠ ᠮᠡᠷᠭᠡᠵᠢᠯ ᠬᠡᠷᠡᠭᠯᠡᠯᠳᠠ ᠶᠢᠨ ᠨᠡᠶᠢᠳᠡᠯᠢᠭ ᠢᠨᠵᠧᠨᠧᠷᠢᠩ ᠢ ᠠᠰᠢᠭᠯᠠᠯᠳᠠ ᠳᠤ ᠤᠷᠤᠭᠤᠯᠬᠤ ᠶᠢ ᠲᠠᠭᠠᠯᠳᠤᠨ᠂ | ᠨᠢᠭᠡ ᠪᠦᠯᠥᠭ ᠰᠢᠨᠵᠢᠯᠡᠬᠦ ᠤᠬᠠᠭᠠᠨ ᠤ ᠦᠷ᠎ᠠ ᠪᠦᠳᠤᠮᠵᠢ ᠨᠢ ᠲᠠᠷᠢᠶᠠᠯᠠᠩ ᠦᠢᠯᠡᠳᠪᠤᠷᠢᠯᠡᠯ ᠤᠨ ᠬᠦᠴᠤᠨ ᠪᠤᠯᠵᠤ | ᠬᠤᠪᠢᠷᠠᠨ᠂ ᠤᠶᠤᠨᠴᠢ ᠲᠠᠷᠢᠶᠠᠯᠠᠩ ᠨᠢ ᠬᠢᠩᠭᠠᠨ ᠠᠶᠢᠮᠠᠭ ᠤᠨ ᠲᠤᠳᠤᠷᠭ᠎ᠠ ᠶᠢᠨ ᠴᠢᠨᠠᠷ ᠰᠠᠶᠢᠳᠠᠢ ᠬᠦᠭᠵᠢᠯᠳᠠ ᠳᠤ | ᠬᠦᠴᠤᠨ ᠨᠡᠮᠡᠷᠢᠯᠡᠪᠠ᠃ | ︽ᠪᠦᠬᠦ ᠤᠯᠤᠰ ᠤᠨ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠤᠪᠢ ᠬᠦᠮᠤᠨ︾᠂ | ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠲᠡᠰ ᠤᠨ ᠠᠷᠠᠳ ᠤᠨ ᠲᠦᠯᠤᠭᠡᠯᠡᠭᠴᠢ ᠵᠠᠯᠠᠶᠢᠳ | ᠬᠤᠰᠢᠭᠤᠨ ᠤ ᠴᠤᠤᠯ ᠶᠢᠨ ᠵᠤ᠋ ᠤᠰᠤᠨ ᠲᠤᠳᠤᠷᠭ᠎ᠠ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢ ᠶᠢᠨ | ᠲᠠᠷᠤᠭ᠎ᠠ ᠫᠢᠶᠤᠤ ᠴᠤᠩ ᠺᠦᠢ ᠪᠤᠯ ᠰᠢᠨ᠎ᠠ ᠴᠠᠭ ᠦᠶ᠎ᠠ ᠶᠢᠨ ᠰᠢᠨ᠎ᠠ ᠲᠠᠷᠢᠶᠠᠴᠢᠨ ᠪᠤᠯᠤᠨ᠎ᠠ᠃ ᠤᠰᠤᠨ ᠲᠤᠳᠤᠷᠭ᠎ᠠ | ᠲᠠᠷᠢᠵᠤ ᠪᠠᠶᠢᠬᠰᠠᠨ ᠠᠴᠠ ᠪᠠᠨ ᠬᠤᠷᠰᠢᠶ᠎ᠠ ᠪᠠᠶᠢᠭᠤᠯᠵᠤ᠂ ᠲᠠᠬᠢᠭᠠᠳ ᠵᠠᠯᠠᠶᠢᠳ ᠬᠤᠰᠢᠭᠤᠨ ᠤ ᠴᠤᠤᠯ ᠶᠢᠨ ᠵᠤ᠋ | ᠲᠤᠳᠤᠷᠭᠠᠨ ᠦᠢᠯᠡᠰ ᠤᠨ ᠬᠢᠵᠠᠭᠠᠷᠳᠤ ᠺᠤᠮᠫᠠᠨᠢ ᠶᠢ ᠪᠠᠶᠢᠭᠤᠯᠵᠤ᠂ ︽ᠴᠤᠤᠯ ᠶᠢᠨ ᠵᠤ᠋︾ ᠲᠠᠸᠠᠷ ᠤᠨ ᠲᠡᠮᠳᠡᠭ ᠢ | ᠲᠠᠩᠰᠠᠯᠠᠭᠤᠯᠤᠨ᠂ ᠴᠤᠤᠯ ᠶᠢᠨ ᠵᠤ᠋ ᠨᠡᠷᠡᠳᠤ ᠲᠡᠮᠳᠡᠭᠳᠤ ᠤᠰᠤᠨ ᠲᠤᠳᠤᠷᠭ᠎ᠠ ᠶᠢᠨ ᠤᠷᠭᠠᠨᠢᠭ ᠪᠠ ᠪᠤᠬᠢᠷᠳᠤᠯ ᠦᠭᠡᠢ | ᠬᠤᠶᠠᠷ ᠰᠢᠷᠢᠰ ᠪᠦᠳᠤᠭᠡᠭᠳᠡᠬᠦᠨ ᠢ ᠰᠤᠳᠤᠯᠤᠨ ᠲᠡᠬᠦᠯᠳᠡᠷᠵᠢᠬᠦᠯᠵᠤ᠂ ᠤᠳᠤ ᠪᠤᠯᠳᠠᠯ᠎ᠠ 13 ᠦᠢᠯᠡᠳᠬᠦᠨ ᠪᠠ | ︽ᠶᠢᠨ ᠵᠤ᠋ ᠨᠢᠭᠡᠳᠤᠭᠡᠷ ᠨᠤᠮᠤᠷᠳᠤ︾ ᠦᠪᠠᠷ ᠤᠨ ᠨᠡᠷᠡᠳᠤ ᠲᠡᠮᠳᠡᠭ ᠲᠠᠢ ᠪᠤᠯᠵᠤ᠂ 30 ᠭᠠᠷᠤᠢ ᠵᠢᠯ ᠤᠨ ᠲᠤᠷᠰᠢ | ᠲᠡᠷᠠ ᠬᠦᠳᠡᠭᠡ ᠲᠤᠰᠬᠤᠨ ᠤ ᠡᠯ᠎ᠡ ᠦᠨᠳᠤᠰᠤᠳᠡᠨ ᠤ ᠤᠯᠠᠨ ᠲᠦᠮᠡᠨ ᠢ ᠲᠠᠭᠠᠭᠤᠯᠤᠨ ᠤᠰᠤᠨ ᠲᠤᠳᠤᠷᠭ᠎ᠠ ᠶᠢᠨ | ᠠᠵᠤ ᠦᠢᠯᠡᠰ ᠢ ᠲᠠᠰᠤᠷᠠᠯᠳᠠ ᠦᠭᠡᠢ ᠬᠦᠴᠤᠷᠬᠡᠭᠵᠢᠬᠦᠯᠵᠤ᠂ ᠠᠮᠢᠳᠤᠷᠠᠯ ᠢ ᠨᠢ ᠡᠳᠤᠷ ᠠᠴᠠ ᠡᠳᠤᠷ | ᠰᠠᠶᠢᠵᠢᠷᠠᠭᠤᠯᠤᠯᠠ᠃ ᠡ᠊ᠨᠠ ᠵᠢᠯ᠂ ᠴᠤᠤᠯ ᠶᠢᠨ ᠵᠤ᠋ ᠤᠰᠤᠨ ᠲᠤᠳᠤᠷᠭ᠎ᠠ ᠶᠢᠨ ᠦᠢᠯᠡᠰ ᠤᠨ ᠬᠢᠵᠠᠭᠠᠷᠳᠤ ᠺᠤᠮᠫᠠᠨᠢ 2 | ᠲᠦᠮᠡᠨ ᠮᠤ᠋ ᠤᠰᠤᠨ ᠲᠤᠳᠤᠷᠭ᠎ᠠ ᠶᠢ ᠲᠠᠷᠢᠵᠤ ᠤᠷᠭᠤᠭᠤᠯᠤᠨ᠂ ᠤᠶᠢᠷ᠎ᠠ ᠬᠠᠪᠢ ᠶᠢᠨ ᠡᠯ᠎ᠠ ᠦᠨᠳᠤᠰᠤᠳᠡᠨ ᠤ | ᠤᠯᠠᠨ ᠲᠦᠮᠡᠨ ᠢ ᠲᠠᠶᠢᠴᠢᠯᠠᠨ 5 ᠲᠦᠮᠡᠠ ᠮᠤ᠋ ᠤᠷᠴᠢᠮ ᠤᠰᠤᠨ ᠲᠤᠳᠤᠷᠭ᠎ᠠ ᠲᠠᠷᠢᠯ᠎ᠠ᠃ | ᠡᠬᠦᠨ ᠲᠠᠢ ᠠᠳᠠᠯᠢ ᠪᠠᠷ᠂ ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠤᠰᠬᠤᠨ ᠤ ᠡᠯ᠎ᠠ | ᠦᠨᠳᠤᠰᠤᠳᠡᠨ ᠤ ᠲᠤᠰᠬᠤᠨ ᠤ ᠠᠷᠠᠳ ᠬᠠᠮᠳᠤᠪᠠᠷ ᠪᠠᠶᠠᠵᠢᠬᠤ ᠪᠠᠷ ᠴᠢᠷᠮᠠᠶᠢᠨ ᠠᠵᠢᠯᠯᠠᠨ᠎ᠠ᠃ ᠡ᠊ᠨᠠ ᠵᠢᠯ 40 | ᠨᠠᠰᠤᠳᠠᠢ ᠰᠤᠯᠤᠩᠭᠤᠰ ᠦᠨᠳᠤᠰᠤᠳᠡᠨ ᠵᠠᠩ ᠬᠠᠢ ᠹᠧᠩ ᠨᠤᠳᠤᠭ ᠲᠠᠭᠠᠨ ᠬᠠᠷᠢᠵᠤ ᠦᠢᠯᠡᠰ ᠪᠤᠰᠬᠠᠨ᠂ | ᠲᠤᠰᠬᠤᠨ ᠳᠠᠭᠠᠨ ᠬᠢᠩᠭᠠᠨ ᠠᠶᠢᠮᠠᠭ ᠤᠨ ᠲᠠᠯ᠎ᠠ ᠨᠤᠳᠤᠭ ᠤᠨ ᠰᠠᠨ ᠾᠧ ᠤᠷᠭᠠᠨᠢᠭ ᠲᠠᠷᠢᠶᠠᠯᠠᠩ ᠤᠨ | ᠨᠡᠭᠡᠭᠡᠯᠳᠠ ᠶᠢᠨ ᠬᠢᠵᠠᠭᠠᠷᠳᠤ ᠺᠤᠮᠫᠠᠨᠢ ᠶᠢ ᠡᠷᠬᠢᠯᠡᠵᠤ᠂ ᠤᠰᠤᠨ ᠲᠤᠳᠤᠷᠭ᠎ᠠ ᠶᠢᠨ ᠠᠵᠤ ᠦᠢᠯᠡᠰ ᠤᠨ ᠲᠤᠭᠤᠷᠢᠨ ᠳᠤ | ᠂ ︽ᠰᠠᠭᠤᠷᠢᠨ ᠭᠠᠵᠠᠷ + ᠲᠠᠷᠢᠮᠠᠯ ᠤᠨ ᠡᠷᠤᠬᠡ + ᠲᠠᠶᠢᠴᠢᠯᠠᠨ ᠲᠠᠭᠠᠭᠤᠯᠤᠭᠴᠢ + ᠵᠠᠬ᠎ᠠ ᠲᠡᠯᠭᠡᠬᠦᠷ︾ ᠤᠨ | ᠬᠡᠯᠪᠡᠷᠢ ᠶᠢ ᠰᠦᠪᠡᠭᠴᠢᠯᠡᠵᠤ᠂ ᠤᠯᠠᠨ ᠲᠦᠮᠡᠨ ᠢ ᠲᠠᠶᠢᠴᠢᠯᠠᠨ ᠬᠠᠮᠳᠤᠪᠠᠷ ᠪᠠᠶᠠᠵᠢᠯᠠ᠃ ᠦᠩᠭᠡᠷᠡᠭᠰᠡᠨ ᠵᠢᠯ ᠳᠤ᠂ | ᠺᠤᠮᠫᠠᠨᠢ ᠪᠠ ᠤᠶᠢᠷ᠎ᠠ ᠬᠠᠪᠢ ᠶᠢᠨ ᠲᠠᠷᠢᠮᠠᠯ ᠤᠨ ᠡᠷᠤᠬᠡ ᠲᠠᠢ 15000 ᠭᠠᠷᠤᠢ ᠮᠤ᠋ ᠲᠠᠷᠢᠶᠠᠨ ᠭᠠᠵᠠᠷ ᠤᠨ | ᠵᠠᠬᠢᠶᠠᠯᠠᠭ᠎ᠠ ᠶᠢᠨ ᠲᠠᠩᠰᠠᠨ ᠤ ᠭᠡᠷ᠎ᠠ ᠲᠤᠭᠳᠠᠵᠤ᠂ ᠲᠤᠬᠠᠢ ᠶᠢᠨ ᠭᠠᠵᠠᠷ ᠤᠨ 1000 ᠭᠠᠷᠤᠢ ᠡᠷᠤᠬᠡ ᠶᠢᠨ ᠮᠠᠯᠴᠢᠨ | ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠭᠰᠠᠨ ᠪᠠᠶᠢᠨ᠎ᠠ᠃ | ︵ᠴᠤᠯᠮᠤᠨ ᠭᠧᠨ ᠰᠢᠶᠥ᠋ᠩ ︶ |