| | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ | ᠭᠤᠤᠯ ᠰᠢᠵᠢᠮ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠵᠦ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ | ᠨᠢᠭᠡ᠂ ᠶᠡᠷᠦᠩᠬᠡᠶᠢᠯᠡᠯ | ᠠᠩᠬ᠎ᠠ ᠠᠯᠬᠤᠮ ᠤᠨ ᠲᠣᠭᠠᠴᠠᠯᠠᠨ ᠪᠣᠳᠣᠭᠰᠠᠨ ᠢᠶᠠᠷ᠂ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 131.9 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ | ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠥᠷᠲᠡᠭ 80.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 42.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ︔ ᠭᠤᠷᠪᠠᠨ ᠠᠵᠤ ᠤᠶᠢᠯᠡᠰ ᠤᠨ ᠬᠠᠷᠢᠴᠠᠯ ᠨᠢ 61᠄ 7᠄ | 32 ᠪᠣᠯᠪᠠ᠃ | ᠠᠵᠢᠯ ᠣᠯᠭᠤᠯᠲᠠ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠪᠥᠬᠦ ᠬᠤᠰᠢᠭᠤᠨ ᠤ ᠬᠤᠲᠠ ᠪᠠᠯᠭᠠᠰᠤᠨ ᠤ 1303 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠠᠵᠢᠯ ᠠᠯᠳᠠᠭᠰᠠᠳ ᠲᠤ ᠳᠠᠬᠢᠨ ᠠᠵᠢᠯ ᠣᠯᠭᠤᠭᠰᠠᠨ ᠬᠥᠮᠦᠨ 483 ᠪᠤᠢ ︵ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠩᠭᠠᠪᠠ︶᠃ |