ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠪᠥᠬᠦ ᠵᠢᠯ ᠤᠨ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3.29 ᠳ᠋ᠦᠩᠰᠢᠭᠤᠷ ᠲᠥᠭᠦᠷᠢᠭ ᠲᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.2 % ᠢᠶᠠᠷ ᠪᠠᠭᠤᠷᠠᠪᠠ᠂ ᠡᠭᠦᠨ ᠳᠤ᠄ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 11.1 % ᠪᠠᠷ ᠪᠠᠭᠤᠷᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠠᠵᠤ ᠠᠬᠤᠶ ᠶᠢᠨ ᠲᠥᠷᠥᠯ | ᠵᠤᠶᠢᠯ ᠢᠶᠠᠷ ᠬᠤᠪᠢᠶᠠᠵᠤ ᠦᠵᠡᠪᠡᠯ᠄ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 10.9% ᠪᠠᠷ ᠪᠠᠭᠤᠷᠠᠪᠠ︔ ᠪᠤᠰᠤᠳ ᠠᠵᠤ ᠠᠬᠤᠶ ᠶᠢᠨ ᠲᠥᠷᠥᠯ | ᠬᠡᠯᠪᠡᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.3% ᠪᠠᠷ | ᠪᠠᠭᠤᠷᠠᠪᠠ︔ ᠤᠯᠤᠰ ᠤᠨ ᠥᠮᠴᠢᠯᠡᠯᠳᠣ ᠬᠤᠪᠢ ᠶᠢᠨ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 14.4% ᠪᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠲᠠᠷᠢᠶᠠᠯᠠᠩ | ᠳᠤ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠠᠴᠠ 47.8% ᠪᠠᠷ ᠪᠠᠭᠤᠷᠠᠪᠠ︔ ᠲᠡᠮᠦᠷᠯᠢᠭ ᠪᠤᠰᠤ ᠠᠭᠤᠷᠬᠠᠢ ᠶᠢᠨ | ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ︔ | ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 22.2% ᠢᠶᠠᠷ ᠨᠡᠮᠡᠭᠳᠡᠪᠡ᠃ ᠬᠦᠨᠳᠦ ᠬᠥᠩᠭᠡᠨ ᠠᠵᠤ | ᠦᠢᠯᠡᠳᠪᠦᠷᠢ ᠠᠴᠠ ᠠᠪᠴᠤ ᠦᠵᠡᠪᠡᠯ᠂ ᠬᠥᠩᠭᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 47.4% ᠪᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ | ᠭᠤᠤᠯ ᠪᠤᠯᠬᠤ ᠦᠢᠯᠡᠳᠬᠦᠨ ᠤ ᠭᠠᠷᠤᠯᠳᠠ ᠠᠴᠠ ᠦᠵᠡᠪᠡᠯ᠂ ᠪᠦᠬᠦ ᠬᠤᠰᠢᠭᠤᠨ ᠤ ᠱᠦᠢᠨᠢ ᠶᠢᠨ | ᠭᠠᠷᠤᠯᠳᠠ 50.04 ᠲᠦᠮᠡᠨ ᠲᠤᠨ ᠬᠦᠷᠴᠤ᠂ ᠠᠳᠠᠯᠢ ᠬᠤᠭᠤᠴᠠᠭᠠᠨ ᠤ ᠬᠢ ᠠᠴᠠ 20.8% ᠪᠠᠷ ᠨᠡᠮᠡᠭᠳᠡᠪᠠ︔ | ᠱᠦᠢᠨᠢ ᠶᠢᠨ ᠢᠳᠡᠭᠡᠰᠢᠭᠰᠡᠨ ᠮᠠᠲ᠋ᠧᠷᠢᠶᠠᠯ ᠤᠨ ᠭᠠᠷᠤᠯᠲᠠ 151.08 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 22.6% ᠪᠠᠷ ᠨᠡᠮᠡᠭᠳᠡᠪᠡ︔ ᠲᠤᠲᠤᠷᠭ᠎ᠠ ᠶᠢᠨ ᠭᠠᠷᠤᠯᠲᠠ 4.46 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 41.7% ᠪᠠᠷ ᠪᠠᠭᠤᠷᠠᠪᠠ︔ ᠴᠣᠬᠤᠢ ᠶᠢᠨ ᠴᠢᠯᠠᠭᠤᠨ ᠤ | ᠭᠠᠷᠤᠯᠲᠠ 23.97 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.9% ᠪᠠᠷ ᠪᠠᠭᠤᠷᠠᠪᠠ | ︔ ᠴᠣᠬᠤᠢ ᠶᠢᠨ ᠭᠠᠷᠤᠯᠲᠠ 6.87 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18. | 9% ᠪᠠᠷ ᠨᠡᠮᠡᠭᠳᠡᠪᠡ︔ ᠲᠠᠸᠠᠷ ᠤᠨ ᠪᠧᠲ᠋ᠤᠨ ᠤ ᠭᠠᠷᠤᠯᠲᠠ 27.69 ᠲᠦᠮᠡᠨ ᠪᠣᠰᠤᠭ᠎ᠠ ᠳᠥᠷᠪᠡᠯᠵᠢᠨ ᠮᠧᠲᠷ | ᠬᠦᠷᠴᠦ᠂ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠪᠡ︔ ᠮᠠᠰᠢᠨᠴᠢᠯᠠᠭᠰᠠᠨ ᠲᠠᠷᠢᠶᠠᠯᠠᠩ ᠵᠢᠴᠢ | ᠴᠡᠴᠡᠷᠯᠢᠭ ᠤᠨ ᠮᠡᠷᠭᠡᠵᠢᠯ ᠤᠨ ᠮᠠᠰᠢᠨ ᠪᠠᠭᠠᠵᠢ ᠶᠢᠨ ᠭᠠᠷᠤᠯᠲᠠ 819 ᠪᠣᠯᠵᠤ᠂ ᠠᠳᠠᠯᠢ ᠬᠤᠭᠤᠴᠠᠭᠠᠨ ᠤ ᠬᠢ ᠠᠴᠠ | 23% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ ︵ᠰᠦᠯᠵᠢᠶᠡᠨ ᠳᠤ ᠭᠠᠷᠤᠭᠰᠠᠨ ᠴᠠᠬᠢᠯᠭᠠᠨ ᠤ | ᠬᠡᠮᠵᠢᠶ᠎ᠡ︶ 44922.13 ᠲᠦᠮᠡᠨ ᠺᠢᠯᠣᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 18. | 6% ᠪᠠᠷ ᠨᠡᠮᠡᠭᠳᠡᠪᠡ᠃ | ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.4% ᠪᠠᠷ ᠪᠠᠭᠤᠷᠠᠪᠠ︔ ᠪᠥᠬᠦ ᠵᠢᠯ ᠤᠨ | ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠰᠥᠭᠡᠷᠭᠦ ᠲᠤᠭ᠎ᠠ ᠪᠤᠯᠵᠤ᠂ ᠠᠯᠳᠠᠭᠳᠠᠯ ᠤᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 135.5% ᠪᠠᠷ ᠨᠡᠮᠡᠭᠳᠡᠪᠡ︔ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 14.5 ᠵᠠᠭᠤᠨ ᠤ ᠴᠡᠭ ᠢᠶᠠᠷ ᠳᠡᠭᠡᠭᠰᠢᠯᠡᠪᠡ᠃ | ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 6.13 ᠳ᠋ᠦᠩᠰᠢᠭᠤᠷ ᠲᠥᠭᠦᠷᠢᠭ ᠲᠤ | ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 26.1% ᠪᠠᠷ | ᠨᠡᠮᠡᠭᠳᠡᠪᠡ᠃ ᠪᠦᠬᠦ ᠬᠤᠰᠢᠭᠤᠨ ᠳᠤ ᠪᠠᠷᠢᠯᠭ᠎ᠠ ᠶᠢᠨ ᠦᠢᠯᠡᠰ ᠤᠨ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠶᠢᠨ | ᠦᠢᠯᠡᠰ ᠤᠨ ᠪᠠᠷᠢᠯᠭ᠎ᠠ ᠶᠢᠨ ᠠᠵᠤ ᠠᠬᠤᠶᠢᠯᠠᠯ 3 ᠪᠤᠢ᠃ ᠪᠥᠬᠦ ᠵᠢᠯ ᠤᠨ ᠬᠡᠷ ᠪᠠᠶᠢᠰᠢᠩ ᠤᠨ ᠪᠠᠷᠢᠯᠭ᠎ᠠ ᠶᠢᠨ | ᠲᠠᠯᠠᠪᠠᠢ 285619 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 497. | 8% ᠪᠠᠷ ᠨᠡᠮᠡᠭᠳᠡᠪᠡ︔ ᠬᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠲᠠᠯᠠᠪᠠᠶ 131918 ᠲᠡᠭᠰᠢ ᠳᠥᠷᠪᠡᠯᠵᠢᠨ | ᠮᠧᠲᠷ ᠬᠦᠷᠴᠤ᠂ ᠠᠳᠠᠯᠢ ᠬᠤᠭᠤᠴᠠᠭᠠᠨ ᠤ ᠬᠢ ᠠᠴᠠ 176.1% ᠪᠠᠷ ᠨᠡᠮᠡᠭᠳᠡᠨ᠂ ᠬᠡᠷ ᠪᠠᠶᠢᠰᠢᠩ ᠤᠨ | ᠪᠠᠷᠢᠯᠭ᠎ᠠ ᠶᠢᠨ ᠠᠵᠢᠯ ᠢ ᠲᠠᠭᠤᠰᠬᠠᠭᠰᠠᠨ ᠨᠣᠷᠮ᠎ᠠ 46.2% ᠢᠶᠠᠷ ᠨᠡᠮᠡᠭᠳᠡᠪᠡ᠃ |