ᠵᠠᠯᠠᠶᠢᠳ ᠬᠤᠰᠢᠭᠤᠨ ᠤ 2023 ᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠲᠦᠷᠪᠡ︶
ᠨᠡᠶᠢᠲᠡᠯᠡᠭᠰᠡᠨ ᠴᠠᠭ᠄
2024/9/13
     ᠳᠥᠷᠪᠡ᠂ ᠦᠢᠯᠡᠴᠢᠯᠡᠭᠡᠨ ᠤ ᠦᠢᠯᠡᠰ      ᠪᠦᠬᠦ ᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 42.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 4.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠪᠠᠭᠤᠷᠠᠪᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ 1.50 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ︔ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 1.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ 4.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠬᠡᠷ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 4.75 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ᠃      ᠵᠢᠯ ᠤᠨ ᠡᠴᠦᠰ ᠪᠣᠯᠬᠤ ᠳᠤ ᠪᠥᠬᠦ ᠬᠤᠰᠢᠭᠤᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠣᠷᠳᠣ 3093.099 ᠺᠢᠯᠣᠮᠧᠲᠷ︔ ᠡᠭᠦᠨ ᠳᠤ᠄ ᠲᠠᠰ ᠤᠨ ᠵᠠᠰᠠᠮᠠᠯ ᠵᠠᠮ ᠤᠨ ᠤᠷᠲᠤ 3065.94 ᠺᠢᠯᠣᠮᠧᠲᠷ᠂ ᠲᠦᠷᠭᠡᠨ ᠤ ᠵᠠᠰᠠᠮᠠᠯ ᠵᠠᠮ 119.217 ᠺᠢᠯᠣᠮᠧᠲᠷ ᠪᠤᠯᠤᠨ᠎ᠠ ︵ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠩᠭᠠᠪᠠ︶᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号