ᠪᠠᠭᠰᠢ ᠶᠢᠨ ᠣᠷᠣᠨ ᠲᠤᠭ᠎ᠠ ᠶᠢᠨ ᠲᠤᠬᠠᠢ ᠰᠢᠨ᠎ᠡ ᠲᠥᠷᠢᠮ ᠨᠡᠶᠢᠳᠡᠯᠡᠪᠡ
ᠨᠡᠶᠢᠲᠡᠯᠡᠭᠰᠡᠨ ᠴᠠᠭ᠄
2024/9/14
    ᠪᠠᠭᠰᠢ ᠶᠢᠨ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ ᠮᠠᠨ ᠤ ᠤᠷᠤᠨ ᠪᠠᠭᠰᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ ᠪᠠᠶᠢᠨ᠎ᠠ᠃     ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ ᠪᠠᠭᠰᠢ ᠠᠵᠢᠯᠲᠠᠨ ᠤ ᠣᠷᠣᠨ ᠲᠤᠭ᠎ᠠ ᠶᠢ ᠬᠡᠷᠡᠭᠴᠡᠭᠡ ᠶᠣᠰᠣᠭᠠᠷ ᠬᠥᠳᠡᠯᠦᠩᠭᠦᠢ ᠪᠠᠷ ᠲᠣᠬᠢᠷᠠᠭᠤᠯᠬᠤ ᠶᠢ ᠪᠡᠶᠡᠯᠡᠭᠦᠯᠦᠨ᠎ᠡ     ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠡᠯᠰᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠠᠶᠠᠨᠳᠠᠭᠠᠨ ᠬᠠᠰᠤᠭᠳᠠᠬᠤ ᠪᠠ ᠤᠷᠢᠨ ᠡᠯᠰᠡᠬᠦ ᠨᠥᠬᠦᠪᠦᠷᠢ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠪᠥᠬᠦ ᠣᠷᠣᠨ ᠤ 33 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠡᠯᠰᠡᠬᠦ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠡᠬᠢᠯᠡᠭᠦᠯᠵᠦ᠂ ᠣᠷᠣᠨ ᠲᠤᠭ᠎ᠠ ᠶᠢᠨ ︽ᠡᠷᠭᠢᠯᠲᠡ ᠶᠢᠨ ᠴᠦᠬᠦᠷᠤᠮ︾ ᠢ ᠪᠠᠶᠢᠭᠤᠯᠤᠨ᠂ ᠪᠠᠭᠰᠢ ᠠᠵᠢᠯᠲᠠᠨ ᠤ ᠣᠷᠣᠨ ᠲᠤᠭ᠎ᠠ ᠶᠢ ᠬᠡᠷᠡᠭᠴᠡᠭᠡ ᠶᠣᠰᠣᠭᠠᠷ ᠬᠥᠳᠡᠯᠦᠩᠭᠦᠢ ᠪᠠᠷ ᠲᠣᠬᠢᠷᠠᠭᠤᠯᠬᠤ ᠶᠢ ᠪᠡᠶᠡᠯᠡᠭᠦᠯᠥᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠳᠤᠭᠳᠠᠭᠠᠵᠤ ᠤᠷᠢᠵᠤ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠦᠨᠳᠦᠰᠦᠯᠡᠭᠰᠡᠨ ᠪᠠ ᠬᠥᠮᠥᠨ ᠬᠥᠮᠥᠵᠢᠭᠦᠯᠬᠦ ᠠᠵᠢᠯ ᠤᠨ ᠦᠷ᠎ᠡ ᠪᠦᠲᠦᠮᠵᠢ ᠪᠠᠷ ᠲᠣᠪᠤᠶᠢᠮ᠎ᠠ ᠪᠠᠭᠰᠢ ᠤᠷᠤᠭᠤ ᠳᠦᠷᠢᠮ ᠤᠨ ᠬᠠᠷᠠᠭᠠᠯᠵᠠᠯ ᠦᠵᠡᠭᠦᠯᠦᠨ᠎ᠡ᠃ ᠪᠠᠭᠰᠢ ᠶᠢᠨ ︽ᠣᠷᠣᠬᠤ ᠪᠣᠭᠤᠮᠲᠠ︾ ᠶᠢ ᠴᠢᠩᠭ᠎ᠠ ᠠᠳᠬᠤᠵᠤ᠂ ᠪᠠᠭᠰᠢ ᠶᠢᠨ ᠬᠢᠷᠢ ᠬᠡᠮ ᠤᠨ ᠰᠢᠯᠭᠠᠯᠲᠠ ᠶᠢ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠭᠤᠯᠵᠤ᠂ ᠪᠠᠭᠰᠢ ᠶᠢᠨ ᠬᠢᠷᠢ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠭᠤᠯᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃     ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠳᠡᠭᠡᠳᠦ ᠲᠠᠰ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠲᠤᠰᠬᠠᠢ ᠣᠷᠣᠨ ᠲᠤᠭ᠎ᠠ ᠶᠢ ᠨᠡᠮᠡᠭᠳᠡᠭᠦᠯᠦᠨ᠎ᠡ     ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠤᠭ᠎ᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠣᠷᠣᠨ ᠲᠤᠭ᠎ᠠ + ᠬᠢᠵᠠᠭᠠᠷᠯᠠᠬᠤ ᠲᠤᠭ᠎ᠠ︾ ᠪᠠᠷ 14 ᠶᠡᠭᠡ ᠳᠡᠭᠡᠳᠦ ᠰᠤᠷᠭᠠᠭᠤᠯᠢ ᠳᠤ 2 ᠲᠦᠮᠡ ᠭᠠᠷᠤᠢ ᠠᠵᠢᠯ ᠤᠨ ᠪᠠᠶᠢᠷᠢ ᠶᠢᠨ ᠶᠡᠷᠦᠩᠬᠡᠢ ᠲᠤᠭ᠎ᠠ ᠶᠢ ᠬᠢᠨᠠᠨ ᠲᠣᠭᠲᠠᠭᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠰᠬᠠᠢ ᠣᠷᠣᠨ ᠲᠤᠭ᠎ᠠ ᠶᠢ ᠨᠡᠮᠡᠭᠳᠡᠭᠦᠯᠪᠡ᠃ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠡᠵᠡᠨ ᠮᠡᠳᠡᠬᠦ ᠡᠷᠬᠡ ᠶᠢ ᠪᠦᠬᠦ ᠲᠠᠯ᠎ᠠ ᠪᠠᠷ ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠳᠣᠲᠣᠭᠠᠳᠤ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠪᠠᠷ ᠠᠵᠢᠯ ᠳᠤ ᠣᠷᠣᠭᠰᠠᠨ ᠪᠠᠭᠰᠢ ᠶᠢᠨ ᠲᠤᠰᠠᠯᠠᠬᠤ ᠪᠠᠭᠰᠢ ᠶᠢᠨ ᠳᠦᠷᠢᠮ ᠢ ᠡᠬᠢᠯᠡᠨ ᠬᠡᠷᠡᠭᠵᠢᠭᠦᠯᠵᠦ᠂ ᠰᠢᠨ᠎ᠡ ᠪᠠᠷ ᠲᠣᠮᠢᠯᠠᠭᠳᠠᠭᠰᠠᠨ ᠪᠠᠭᠰᠢ ᠶᠢᠨ ᠤᠯᠤᠰ ᠲᠥᠷᠥ ᠶᠢᠨ ᠬᠡᠪ ᠪᠣᠯᠪᠠᠰᠤᠷᠠᠯ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠵᠢᠭᠠᠨ ᠰᠤᠷᠭᠠᠯᠲᠠ ᠶᠢᠨ ᠴᠢᠳᠠᠪᠤᠷᠢ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ︽ᠬᠤᠤᠰ ᠬᠢᠷᠢ ᠭᠡᠮ ᠲᠠᠢ ᠪᠠᠭᠰᠢ︾ ᠶᠢᠨ ᠪᠠᠷᠢᠮᠵᠢᠶ᠎ᠠ ᠪᠠ ᠮᠠᠭᠠᠳᠯᠠᠨ ᠲᠣᠭᠲᠠᠭᠠᠬᠤ ᠠᠷᠭ᠎ᠠ ᠶᠢ ᠲᠣᠭᠲᠠᠭᠠᠨ᠎ᠠ     ︽ᠬᠤᠣᠰ ᠬᠢᠷᠢ ᠬᠡᠮ ᠲᠠᠢ ᠪᠠᠭᠰᠢ︾ ᠶᠢᠨ ᠡᠩᠨᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠤᠣᠰ ᠬᠢᠷᠢ ᠬᠡᠮ ᠲᠠᠢ ᠪᠠᠭᠰᠢ︾ ᠶᠢᠨ ᠪᠠᠷᠢᠮᠵᠢᠶ᠎ᠠ ᠪᠠ ᠮᠠᠭᠠᠳᠯᠠᠨ ᠲᠣᠭᠲᠠᠭᠠᠬᠤ ᠠᠷᠭ᠎ᠠ ᠶᠢ ᠲᠣᠭᠲᠠᠭᠠᠵᠤ᠂ ︽ᠬᠤᠣᠰ ᠬᠢᠷᠢ ᠬᠡᠮ ᠲᠠᠢ ᠪᠠᠭᠰᠢ︾ ᠶᠢᠨ ᠡᠵᠡᠯᠡᠬᠦ ᠬᠠᠷᠢᠴᠠᠯ ᠢ 57.8% ᠳᠤ ᠬᠦᠷᠭᠡᠵᠦ᠂ ᠤᠯᠤᠰ ᠠᠴᠠ ᠲᠣᠭᠲᠠᠭᠠᠭᠰᠠᠨ 50% ᠶᠢᠨ ᠬᠠᠷᠠᠯᠲᠠ ᠱᠠᠭᠠᠷᠳᠠᠯᠭ᠎ᠠ ᠠᠴᠠ ᠳᠠᠪᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ 2024 ᠣᠨ ᠤ ᠳᠡᠭᠡᠷ᠎ᠡ ᠬᠠᠭᠠᠰ ᠵᠢᠯ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 1727 ᠠᠵᠤ ᠠᠬᠤᠶᠢᠯᠠᠯ ᠤᠨ ᠮᠡᠷᠭᠡᠵᠢᠯ ᠤᠨ ᠠᠵᠢᠯᠲᠠᠨ ᠢ ᠤᠷᠢᠵᠤ ᠰᠤᠷᠭᠠᠭᠤᠯᠢ ᠳᠤ ᠣᠴᠢᠭᠤᠯᠤᠨ ᠲᠤᠰᠢᠶᠠᠯ ᠬᠠᠪᠰᠤᠷᠭᠠᠵᠤ᠂ 326 ᠨᠡᠷᠡᠰ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢ ᠠᠵᠤ ᠠᠬᠤᠶᠢᠯᠠᠯ ᠳᠤ ᠣᠴᠢᠭᠤᠯᠤᠨ ᠲᠤᠰᠢᠶᠠᠯ ᠬᠠᠪᠰᠤᠷᠭᠠᠪᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号