ᠵᠠᠯᠠᠶᠢᠳ ᠬᠤᠰᠢᠭᠤᠨ ᠤ 2023 ᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵  ᠵᠢᠷᠭᠤᠭ᠎ᠠ︶
ᠨᠡᠶᠢᠲᠡᠯᠡᠭᠰᠡᠨ ᠴᠠᠭ᠄
2024/9/18
    ᠵᠢᠷᠭᠤᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ     ᠪᠦᠬᠦ ᠵᠢᠯ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 88.16% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ᠂ ᠤᠯᠤᠰ ᠤᠨ ᠥᠮᠴᠢᠯᠡᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠵᠦ᠂ ᠬᠤᠲᠠ ᠪᠠᠯᠭᠠᠰᠤᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 88.16% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.6% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 120.8% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 97.1% ᠪᠠᠷ ᠨᠡᠮᠡᠭᠳᠡᠪᠡ᠃     ᠪᠥᠬᠦ ᠵᠢᠯ ᠳᠤ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ 102 ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠪᠥᠬᠦ ᠪᠡᠯᠡ ᠣᠷᠣᠭᠤᠯᠤᠯᠲᠠ ᠶᠢᠨ 80.5% ᠶᠢ ᠡᠵᠡᠯᠡᠪᠡ︔ ᠦᠷᠭᠦᠯᠵᠢᠯᠡᠨ ᠪᠠᠶᠢᠭᠤᠯᠬᠤ ᠲᠥᠷᠥᠯ ᠵᠦᠢᠯ 60 ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠪᠥᠬᠦ ᠪᠡᠯᠡ ᠣᠷᠣᠭᠤᠯᠤᠯᠲᠠ ᠶᠢᠨ 19.5% ᠶᠢ ᠡᠵᠡᠯᠡᠪᠡ᠃      ᠪᠥᠬᠦ ᠵᠢᠯ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 176710 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 419.0% ᠪᠠᠷ ᠨᠡᠮᠡᠭᠳᠡᠪᠡ᠃ ᠪᠥᠬᠦ ᠵᠢᠯ ᠤᠨ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ 101.1 ᠲᠦᠮᠡᠨ ᠲᠡᠭᠰᠢ ᠳᠥᠷᠪᠡᠯᠵᠢᠨ ᠮᠧᠲᠷ ᠬᠦᠷᠴᠤ᠂ ᠠᠳᠠᠯᠢ ᠬᠤᠭᠤᠴᠠᠭᠠᠨ ᠤ ᠬᠢ ᠠᠴᠠ 90.0% ᠪᠠᠷ ᠨᠡᠮᠡᠭᠳᠡᠪᠡ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 11.2 ᠲᠦᠮᠡᠨ ᠲᠡᠭᠰᠢ ᠳᠥᠷᠪᠡᠯᠵᠢᠨ ᠮᠧᠲᠷ ᠬᠦᠷᠴᠤ᠂ ᠠᠳᠠᠯᠢ ᠬᠤᠭᠤᠴᠠᠭᠠᠨ ᠤ ᠬᠢ ᠠᠴᠠ 38.1% ᠪᠠᠷ ᠨᠡᠮᠡᠭᠳᠡᠨ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.9% ᠪᠠᠷ ᠨᠡᠮᠡᠭᠳᠡᠪᠡ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号