ᠵᠠᠯᠠᠶᠢᠳ ᠬᠤᠰᠢᠭᠤᠨ ᠤ 2023 ᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠶᠢᠰᠦ︶
ᠨᠡᠶᠢᠲᠡᠯᠡᠭᠰᠡᠨ ᠴᠠᠭ᠄
2024/9/18
     ᠶᠢᠰᠦ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ ᠪᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ        ᠪᠥᠬᠦ ᠬᠤᠰᠢᠭᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠡᠯᠰᠡᠭᠳᠡᠭᠰᠡᠨ ᠬᠥᠮᠦᠨ ᠤ ᠲᠤᠭ᠎ᠠ 1308 ᠬᠥᠮᠦᠨ᠂ ᠡᠭᠦᠨ ᠳᠤ ᠵᠢᠩᠬᠢᠨᠢ ᠠᠩᠭᠢ ᠳᠤ ᠡᠯᠰᠡᠭᠳᠡᠭᠰᠡᠨ ᠬᠥᠮᠦᠨ ᠤ ᠲᠤᠭ᠎ᠠ 785 ᠪᠠᠶᠢᠨ᠎ᠠ᠃ ᠪᠥᠬᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 1 ᠪᠠᠶᠢᠵᠤ᠂ ᠲᠤᠬᠠᠶ ᠶᠢᠨ ᠵᠢᠯ ᠳᠤ 877 ᠰᠣᠷᠣᠭᠴᠢ ᠡᠯᠰᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.14% ᠪᠠᠷ ᠪᠠᠭᠠᠰᠪᠠ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 2466 ᠬᠥᠮᠦᠨ ᠪᠠᠶᠢᠵᠤ᠂ ᠳᠡᠭᠡᠷ᠎ᠡ ᠵᠢᠯ ᠤᠨ ᠬᠢ ᠠᠴᠠ 0.69% ᠪᠠᠷ ᠳᠡᠭᠡᠭᠰᠢᠯᠡᠪᠡ︔ ᠲᠤᠬᠠᠶ ᠶᠢᠨ ᠵᠢᠯ ᠲᠡᠭᠦᠰᠦᠭᠰᠡᠨ ᠰᠣᠷᠣᠭᠴᠢ 795 ᠪᠠᠶᠢᠵᠤ᠂ 27.61% ᠪᠠᠷ ᠨᠡᠮᠡᠭᠳᠡᠪᠡ᠃ ᠪᠦᠷᠢᠨ ᠳᠤᠮᠳᠠᠳᠤ ᠰᠤᠷᠭᠠᠭᠤᠯᠢ 3 ᠪᠠᠶᠢᠵᠤ᠂ ᠲᠤᠬᠠᠶ ᠶᠢᠨ ᠵᠢᠯ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ 1501 ᠬᠥᠮᠦᠨ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.28% ᠪᠠᠷ ᠨᠡᠮᠡᠭᠳᠡᠪᠡ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 4426 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.01% ᠪᠠᠷ ᠨᠡᠮᠡᠭᠳᠡᠵᠦ᠂ ᠲᠤᠬᠠᠶ ᠶᠢᠨ ᠵᠢᠯ ᠳᠡᠭᠡᠨ ᠲᠡᠭᠦᠰᠦᠭᠰᠡᠨ ᠰᠣᠷᠣᠭᠴᠢ 1461 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.52% ᠢᠶᠠᠷ ᠨᠡᠮᠡᠭᠳᠡᠪᠡ᠃ ᠵᠢᠯ ᠤᠨ ᠡᠴᠦᠰ ᠲᠤ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 4 ᠪᠠᠶᠢᠵᠤ᠂ ᠪᠦᠬᠦ ᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢ 3432 ᠬᠥᠮᠦᠨ ᠪᠣᠯᠵᠤ᠂ ᠠᠳᠠᠯᠢ ᠬᠤᠭᠤᠴᠠᠭᠠᠨ ᠤ ᠬᠢ ᠠᠴᠠ 4.08% ᠪᠠᠷ ᠪᠠᠭᠤᠷᠠᠵᠤ᠂ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠤᠷᠤᠭᠴᠢ 10412 ᠬᠥᠮᠦᠨ ᠪᠣᠯᠵᠤ ᠂ ᠠᠳᠠᠯᠢ ᠬᠤᠭᠤᠴᠠᠭᠠᠨ ᠤ ᠬᠢ ᠠᠴᠠ 0.17% ᠪᠠᠷ ᠪᠠᠭᠤᠷᠠᠪᠠ︔ ᠲᠤᠬᠠᠢ ᠶᠢᠨ ᠵᠢᠯ ᠲᠡᠭᠦᠰᠦᠭᠰᠡᠨ ᠰᠤᠷᠤᠭᠴᠢ 3401 ᠬᠥᠮᠥᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.35% ᠪᠠᠷ ᠨᠡᠮᠡᠭᠳᠡᠪᠡ᠃ ᠵᠢᠯ ᠤᠨ ᠡᠴᠦᠰ ᠲᠤ ᠪᠠᠭ᠎ᠠ ᠰᠤᠷᠭᠠᠭᠤᠯᠢ 29 ᠪᠠᠶᠢᠵᠤ᠂ ᠲᠤᠬᠠᠶ ᠶᠢᠨ ᠵᠢᠯ ᠳᠤ 2651 ᠰᠤᠷᠤᠭᠴᠢ ᠡᠯᠰᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.07% ᠪᠠᠷ ᠪᠠᠭᠤᠷᠠᠪᠠ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠤᠷᠤᠭᠴᠢ 19025 ᠬᠥᠮᠦᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.89% ᠪᠠᠷ ᠪᠠᠭᠤᠷᠠᠪᠠ︔ ᠲᠤᠬᠠᠶ ᠶᠢᠨ ᠵᠢᠯ ᠲᠡᠭᠦᠰᠦᠭᠰᠡᠨ ᠰᠤᠷᠤᠭᠴᠢ 3604 ᠬᠥᠮᠦᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.14% ᠪᠠᠷ ᠪᠠᠭᠤᠷᠠᠪᠠ᠃ ᠵᠢᠯ ᠤᠨ ᠡᠴᠦᠰ ᠲᠤ 115 ᠬᠡᠤᠬᠡᠳ ᠤᠨ ᠴᠡᠴᠡᠷᠯᠢᠭ ᠪᠠᠶᠢᠵᠤ᠂ ᠬᠡᠤᠬᠡᠳ ᠤᠨ ᠴᠡᠴᠡᠷᠯᠢᠭ ᠲᠤ 6074 ᠬᠥᠮᠦᠨ ᠲᠠᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.56% ᠪᠠᠷ ᠪᠠᠭᠤᠷᠠᠪᠠ︔ ᠪᠥᠬᠦ ᠬᠤᠰᠢᠭᠤᠨ ᠳᠤ ᠶᠢᠰᠦᠨ ᠵᠢᠯ ᠤᠨ ᠳᠦᠷᠢᠮᠲᠦ ᠰᠤᠷᠭᠠᠭᠤᠯᠢ 3 ᠪᠣᠶ︔ ᠪᠠᠭ᠎ᠠ ᠰᠤᠷᠭᠠᠭᠤᠯᠢ ᠶᠢᠨ ᠲᠤᠰᠬᠠᠶ ᠪᠠᠭᠰᠢ 2106 ᠬᠥᠮᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠶ ᠪᠠᠭᠰᠢ 869 ᠬᠥᠮᠦᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠶ ᠪᠠᠭᠰᠢ 404 ᠬᠥᠮᠦᠨ ᠪᠤᠢ ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠩᠭᠠᠪᠠ︶᠃       ᠪᠦᠬᠦ ᠵᠢᠯ ᠤᠨ ᠰᠢᠨᠵᠢᠯᠡᠭᠡ ᠮᠡᠷᠭᠡᠵᠢᠯ ᠤᠨ ᠵᠠᠷᠤᠳᠠᠯ 569.25 ᠲᠦᠮᠡᠨ ᠲᠥᠭᠦᠷᠢᠭ ᠲᠤ ᠬᠦᠷᠴᠡᠢ᠃  ᠲᠤᠰ ᠵᠢᠯ ᠤᠨ ᠳᠣᠲᠣᠷ᠎ᠠ ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ 1300 ᠬᠥᠮᠦᠨ ︵ᠤᠳᠠᠭ᠎ᠠ  ︶ ᠬᠥᠳᠡᠭᠡ ᠲᠣᠰᠬᠤᠨ ᠤ ᠮᠡᠷᠭᠡᠵᠢᠯ ᠤᠨ ᠭᠤᠤᠯᠯᠠᠭᠴᠢ ᠬᠦᠴᠦᠨ ᠢ ᠪᠣᠯᠪᠠᠰᠤᠷᠠᠭᠤᠯᠵᠤ᠂ 550 ᠬᠥᠮᠦᠨ ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠲᠣᠰᠬᠤᠨ ᠳᠤ ᠬᠦᠷᠭᠡᠵᠦ᠂ ᠠᠰᠢᠭ ᠭᠥᠷᠳᠡᠭᠰᠡᠨ ᠣᠯᠠᠨ ᠲᠦᠮᠡᠨ 1.2 ᠲᠦᠮᠡ ᠳᠤ ᠬᠦᠷᠴᠡᠢ ︵ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠩᠭᠠᠪᠠ︶᠃ᠵᠢᠯ ᠤᠨ ᠡᠴᠦᠰ ᠲᠤ ᠪᠦᠬᠦ ᠬᠤᠰᠢᠭᠤᠨ ᠳᠤ ᠤᠯᠠᠭᠠᠨᠮᠥ᠋ᠴᠢᠷ ᠤᠨ ᠲᠤᠰᠬᠠᠶ ᠮᠡᠷᠭᠡᠵᠢᠯ ᠤᠨ ᠲᠣᠭᠯᠠᠯᠲᠠ ᠶᠢᠨ ᠪᠦᠯᠬᠦᠮ 1᠂ ᠠᠵᠢᠯᠲᠠᠨ 50 ᠪᠠᠶᠢᠵᠤ᠂ ᠪᠦᠬᠦ ᠵᠢᠯ ᠳᠤ ᠲᠤᠰᠬᠠᠶ ᠮᠡᠷᠭᠡᠵᠢᠯ ᠤᠨ ᠤᠷᠠᠯᠢᠭ ᠤᠨ ᠪᠦᠯᠬᠦᠮ ᠰᠣᠶᠣᠯ ᠢ ᠬᠥᠳᠡᠭᠡ ᠪᠠᠭᠤᠯᠭᠠᠬᠤ ᠲᠣᠭᠯᠠᠯᠲᠠ 105 ᠲᠠᠯᠠᠪᠠᠶ ︵ᠤᠳᠠᠭ᠎ᠠ︶ ᠳᠤ ᠬᠦᠷᠴᠡᠶ︔ 1 ᠰᠣᠶᠣᠯ ᠤᠨ ᠣᠷᠳᠣᠨ ᠳᠤ 16 ᠠᠵᠢᠯᠲᠠᠨ ᠲᠠᠢ︔ 14 ᠰᠣᠶᠣᠯ ᠤᠨ ᠥᠷᠲᠡᠭᠡᠨ ᠳᠤ  14 ᠠᠵᠢᠯᠲᠠᠨ ᠲᠠᠢ︔ ᠲᠣᠰᠬᠤᠨ ᠭᠠᠴᠠᠭ᠎ᠠ ᠶᠢᠨ ᠲᠠᠯ᠎ᠠ ᠨᠤᠲᠤᠭ ᠤᠨ ᠨᠣᠮ ᠤᠨ ᠥᠷᠥᠭᠡ 197 ᠪᠠᠶᠢᠨ᠎ᠠ︔ ᠣᠯᠠᠨ ᠨᠡᠶᠢᠲᠡ ᠶᠢᠨ ᠨᠣᠮ ᠤᠨ ᠰᠠᠩ 1 ᠪᠠᠶᠢᠵᠤ᠂  5ᠠᠵᠢᠯᠳᠠᠨ ᠲᠠᠢ᠂ 100 ᠭᠠᠷᠤᠶ ᠵᠦᠢᠯ ᠤᠨ ᠰᠣᠨᠢᠨ ᠰᠡᠳᠬᠦᠯ ᠬᠠᠳᠠᠭᠠᠯᠠᠵᠤ ᠪᠠᠶᠢᠨ᠎ᠠ︔ ᠲᠡᠦᠬᠡ ᠶᠢᠨ ᠳᠤᠷᠠᠰᠬᠠᠯᠲᠤ  ᠵᠦᠢᠯᠡᠰ ᠤᠨ ᠥᠷᠲᠡᠭᠡ 1 ᠪᠠᠶᠢᠵᠤ᠂ 810 ᠢᠵᠢ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠵᠤ ᠪᠠᠶᠢᠨ᠎ᠠ᠃       ᠵᠢᠯ ᠤᠨ ᠡᠴᠦᠰ ᠲᠤ ᠪᠦᠬᠦ ᠬᠤᠰᠢᠭᠤᠨ ᠳᠤ 1 ᠷᠠᠳᠢᠣ᠋ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠶᠡᠷᠦᠩᠬᠡᠢ ᠬᠥᠮᠦᠨ ᠠᠮᠠ ᠶᠢᠨ ᠪᠦᠷᠬᠦᠴᠡ 99.83 % ᠳᠤ ᠬᠦᠷᠪᠡ︔ ᠲᠧᠯᠸᠢᠰ ᠬᠤᠷᠢᠶ᠎ᠠ 1 ᠪᠠᠶᠢᠵᠤ᠂ ᠲᠧᠯᠸᠢᠰ ᠤᠨ ᠶᠡᠷᠦᠩᠬᠡᠶ ᠬᠥᠮᠦᠨ ᠠᠮᠠ ᠶᠢᠨ ᠪᠦᠷᠬᠦᠴᠡ 99.91% ᠳᠤ ᠬᠦᠷᠪᠡ᠃ ︽ᠡᠷᠦᠬᠡ ᠪᠣᠯᠭᠠᠨ ᠳᠤ ᠨᠡᠪᠲᠡᠷᠡᠭᠦᠯᠬᠦ︾ ᠢᠨᠵᠧᠨᠧᠷᠢᠩ ᠢ 77005 ᠲᠦᠮᠡᠨ ᠢᠵᠢ ᠬᠡᠷᠡᠭᠵᠢᠭᠦᠯᠵᠦ᠂ ᠤᠲᠠᠰᠤᠲᠤ ᠲᠧᠯᠸᠢᠰ ᠤᠨ ᠬᠡᠷᠡᠭᠯᠡᠭᠴᠢ 8998 ᠡᠷᠦᠬᠡ ᠪᠣᠯᠪᠠ ︵ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠠᠩᠭᠠᠪᠠ︶᠃       ᠵᠢᠯ ᠤᠨ ᠡᠴᠦᠰ ᠲᠤ ᠪᠦᠬᠦ ᠬᠤᠰᠢᠭᠤᠨ ᠤ ᠵᠢᠭᠤᠯᠴᠢᠯᠠᠯ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 6 ᠪᠤᠢ︔ ᠵᠢᠭᠤᠯᠴᠢᠯᠠᠯ ᠤᠨ ᠬᠤᠷᠢᠶ᠎ᠠ 11᠂ ᠳᠡᠭᠡᠷ᠎ᠡ ᠵᠢᠯ ᠤᠨ ᠬᠢ ᠠᠴᠠ 7 ᠨᠡᠮᠡᠭᠳᠡᠵᠦ᠂ ᠵᠢᠭᠤᠯᠴᠢᠯᠠᠯ ᠤᠨ ᠬᠤᠷᠢᠶᠠᠨ ᠤ ᠠᠵᠢᠯᠲᠠᠨ 44 ᠬᠥᠮᠦᠨ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 28 ᠬᠥᠮᠦᠨ ᠨᠡᠮᠡᠭᠳᠡᠪᠡ᠃ ᠪᠥᠬᠦ ᠵᠢᠯ ᠳᠤ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 8.806 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠪᠥᠬᠦ ᠵᠢᠯ ᠳᠤ ᠵᠢᠭᠤᠯᠴᠢᠯᠠᠯ ᠤᠨ ᠬᠥᠮᠦᠨ ᠤ ᠲᠤᠭ᠎ᠠ 147.39 ᠲᠦᠮᠡᠨ ᠬᠥᠮᠦᠨ ︵ᠤᠳᠠᠭ᠎ᠠ ︶ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ  ︵ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠩᠭᠠᠪᠠ︶᠃      ᠪᠥᠬᠦ ᠵᠢᠯ ᠳᠤ ᠪᠥᠬᠦ ᠬᠤᠰᠢᠭᠤᠨ ᠤ ᠲᠠᠮᠢᠷᠴᠢᠳ ᠴᠢᠬᠤᠯᠠ ᠶᠡᠭᠡ ᠤᠷᠤᠯᠳᠤᠭᠠᠨ ᠳᠤ 56 ᠮᠧᠳᠠᠯ ᠣᠯᠵᠤ᠂ ᠡᠭᠦᠨ ᠳᠤ ᠣᠷᠣᠨ ᠤ ᠲᠠᠰ ᠤᠨ ᠠᠯᠲᠠᠨ ᠮᠧᠳᠠᠯ 9 ᠪᠣᠶ︔ ᠠᠶᠢᠮᠠᠭ ᠤᠨ ᠲᠠᠰ ᠤᠨ ᠠᠯᠲᠠᠨ ᠮᠧᠳᠠᠯ 12᠂ ᠮᠥᠩᠭᠦᠨ ᠮᠧᠳᠠᠯ 6᠂ ᠬᠦᠷᠡᠯ ᠮᠧᠳᠠᠯ 8 ᠪᠤᠢ᠃ ︵ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠩᠭᠠᠪᠠ︶᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号