ᠬᠦᠳᠡᠭᠡ ᠨᠤᠳᠤᠭ ᠤᠨ ᠴᠢᠳᠠᠪᠦᠷᠢᠳᠠᠨ ᠢ ᠬᠦᠮᠦᠵᠢᠬᠦᠯᠵᠦ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ
ᠨᠡᠶᠢᠲᠡᠯᠡᠭᠰᠡᠨ ᠴᠠᠭ᠄
2024/9/19
    ᠤᠶᠢᠷ᠎ᠠ ᠳᠤ᠂ ᠵᠠᠯᠠᠶᠢᠳ ᠬᠤᠰᠢᠭᠤᠨ ᠤ ᠷᠦᠢ ᠴᠢᠤᠢ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶᠠᠨ ᠳᠤ ᠬᠤᠷᠰᠢᠶ᠎ᠠ ᠶᠢᠨ ᠬᠡᠷᠡᠭ ᠮᠡᠳᠡᠭᠴᠢᠳ ᠤᠨ ᠲᠠᠷᠤᠭ᠎ᠠ ᠮᠠ ᠾᠧ ᠫᠢᠩ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤ ᠶᠢᠨ ᠵᠦᠯᠬᠡᠨ ᠭᠠᠴᠠᠭᠠᠨ ᠤ 100 ᠭᠠᠷᠦᠢ ᠲᠠᠷᠢᠶᠠᠴᠢᠨ ᠡᠷᠦᠬᠡ ᠶᠢ ᠲᠠᠭᠠᠭᠤᠯᠤᠨ ᠬᠠᠷ᠎ᠠ ᠲᠠᠯᠳᠠᠤ ᠲᠡᠬᠦᠵᠦ᠂ ᠲᠦᠮᠡ ᠢᠯᠡᠬᠦᠦ ᠵᠢᠩ ᠬᠠᠭᠤᠷᠠᠢ ᠨᠦᠢᠳᠠᠨ ᠬᠠᠷ᠎ᠠ ᠲᠠᠯᠳᠠᠤ ᠶᠢ ᠪᠤᠭᠤᠳᠠᠯᠯᠠᠨ ᠵᠠᠬ᠎ᠠ ᠲᠡᠯᠬᠡᠬᠦᠷ ᠲᠤ ᠭᠠᠷᠭᠠᠵᠦ ᠪᠠᠶᠢᠪᠠ᠃     ᠤᠶᠢᠷ᠎ᠠ ᠶᠢᠨ ᠬᠡᠳᠦᠨ ᠵᠢᠯ᠂ ᠵᠠᠯᠠᠶᠢᠳ ᠬᠤᠰᠢᠭᠤ ᠴᠢᠳᠠᠪᠦᠷᠢᠳᠠᠨ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠷ ᠭᠠᠷᠳᠠᠴᠠ ᠪᠤᠯᠭᠠᠵᠦ᠂ ᠲᠤᠬᠠᠢ ᠶᠢᠨ ᠭᠠᠵᠠᠷ ᠤᠨ ᠤᠨᠴᠠᠯᠢᠭ ᠲᠤ ᠲᠤᠬᠢᠷᠠᠭᠤᠯᠤᠨ᠂ ᠬᠦᠳᠡᠭᠡ ᠨᠤᠳᠤᠭ ᠤᠨ ᠴᠢᠳᠠᠪᠦᠷᠢᠳᠡᠨ ᠢ ᠨᠡᠩ ᠤᠯᠠᠨ ᠬᠦᠳᠡᠭᠡ ᠲᠤᠰᠬᠤᠨ ᠤ ᠬᠦᠭᠵᠢᠯᠳᠡ ᠶᠢᠨ ᠲᠠᠭᠠᠭᠤᠯᠤᠬᠴᠢ ᠪᠤᠯᠭᠠᠨ ᠬᠦᠮᠦᠵᠢᠬᠦᠯᠦᠨ᠂ ᠲᠤᠰᠬᠤᠨ ᠤ ᠬᠠᠮᠳᠤ ᠶᠢᠨ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠵᠦ ᠪᠤᠢ᠃       ᠮᠠ ᠾᠧ ᠫᠢᠩ ᠪᠤᠯ ᠠᠵᠦ ᠦᠢᠯᠡᠰ ᠤᠨ ᠴᠢᠳᠠᠪᠦᠷᠢᠳᠠᠨ ᠪᠦᠭᠡᠳ ᠪᠠᠰᠠ ᠠᠶᠢᠮᠠᠭ ᠤᠨ ᠲᠡᠰ ᠤᠨ ︽ᠰᠢᠶᠤᠤ ᠵᠢᠩ︾ ᠮᠠᠶ᠋ᠢᠭ ᠤᠨ ᠠᠵᠦ ᠦᠢᠯᠡᠰ ᠤᠨ ᠴᠢᠳᠠᠪᠦᠷᠢᠳᠠᠨ ᠮᠦᠨ᠃ 2022 ᠤᠨ ᠠᠴᠠ ᠨᠠᠭᠠᠰᠢ᠂ ᠵᠠᠯᠠᠶᠢᠳ ᠬᠤᠰᠢᠭᠤ ᠠᠶᠢᠮᠠᠭ ᠤᠨ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠤᠨ ᠪᠠᠶᠢᠷᠢᠯᠠᠭᠤᠯᠤᠯᠳᠠ ᠶᠤᠰᠤᠭᠠᠷ᠂ ︽ᠰᠢᠶᠤᠤ ᠵᠢᠩ ᠲᠦᠯᠦᠪᠯᠡᠭᠡ︾ ᠶᠢ ᠨᠠᠷᠢᠨ ᠬᠢᠨᠠᠮᠠᠭᠠᠢ ᠬᠡᠷᠡᠭᠵᠢᠬᠦᠯᠵᠦ᠂ ᠨᠡᠩ ᠤᠯᠠᠨ ︽ᠴᠢ ᠰᠢᠶᠤᠤ ᠵᠢᠩ︾ ᠢ ᠬᠦᠮᠦᠵᠢᠬᠦᠯᠬᠦ ᠪᠠᠷ ᠵᠤᠷᠢᠯᠭ᠎ᠠ ᠪᠤᠯᠭᠠᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠦ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ᠃ ᠬᠦᠮᠦᠵᠢᠯ ᠤᠨ ᠪᠤᠯᠪᠠᠰᠦᠷᠠᠯ ᠢ ᠴᠢᠩᠭᠠᠳᠬᠠᠬᠤ ᠪᠠᠷ ᠲᠠᠮᠵᠢᠭᠤᠯᠤᠨ᠂ ᠲᠠᠩᠰᠠ ᠡᠪᠬᠡᠮᠡᠯ ᠤᠨ ᠬᠠᠮᠢᠶᠠᠷᠦᠯᠳᠠ ᠶᠢ ᠬᠡᠷᠡᠭᠵᠢᠬᠦᠯᠵᠦ᠂ ᠲᠦᠷᠦᠯ ᠬᠤᠪᠢᠶᠠᠷᠢᠯᠠᠨ ︽ᠰᠢᠶᠤᠤ ᠵᠢᠩ ᠲᠦᠯᠦᠪᠯᠡᠭᠡ︾ ᠶᠢᠨ ᠭᠤᠤᠯᠯᠠᠬᠴᠢ ᠨᠡᠶᠢᠳᠡᠯᠢᠭ ᠵᠢᠱᠢᠶᠡᠴᠢ ᠶᠢ ᠭᠤᠤᠯᠳᠠᠯᠭ᠎ᠠ ᠲᠠᠢ ᠲᠡᠮᠵᠢᠵᠦ ᠪᠤᠢ᠃ ᠤᠳᠤ᠂ ᠲᠤᠰ ᠬᠤᠰᠢᠭᠤ ᠬᠤᠰᠢᠭᠤ ᠰᠢᠶᠠᠩ ︵ᠪᠠᠯᠭᠠᠰᠦ︶ ᠲᠤᠰᠬᠤᠨ ᠤ ᠭᠤᠷᠪᠠᠨ ᠲᠡᠰ ᠤᠨ 283 ᠬᠦᠮᠦᠨ ᠢ ᠰᠢᠶᠤᠤ ᠵᠢᠩ ᠮᠠᠶ᠋ᠢᠭ ᠤᠨ ᠠᠵᠦ ᠦᠢᠯᠡᠰ ᠤᠨ ᠲᠠᠭᠠᠭᠤᠯᠤᠬᠴᠢ ᠪᠤᠯᠭᠠᠨ ᠬᠦᠮᠦᠵᠢᠬᠦᠯᠬᠦ ᠪᠠᠷ ᠲᠤᠬᠳᠠᠵᠦ᠂ ᠪᠦᠬᠦ ᠭᠠᠴᠠᠭ᠎ᠠ ᠲᠤᠰᠬᠤᠨ ᠢ ᠬᠠᠮᠤᠷᠴᠠᠢ᠃       ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ 13 ᠰᠤᠮᠤ ᠰᠢᠶᠠᠩ ᠪᠠᠯᠭᠠᠰᠦᠨ ᠳᠤ ᠪᠦᠷ ᠬᠦᠳᠡᠭᠡ ᠨᠤᠳᠤᠭ ᠤᠨ ᠴᠢᠳᠠᠪᠦᠷᠢᠳᠠᠨ ᠢ ᠬᠦᠮᠦᠵᠢᠬᠦᠯᠬᠦ ᠲᠦᠪ ᠲᠤᠬᠢᠷᠠᠭᠤᠯᠵᠦ᠂ ᠭᠠᠴᠠᠭ᠎ᠠ ᠲᠤᠰᠬᠤᠨ ᠤ ᠰᠢᠯᠢᠳᠡᠭ ᠵᠠᠯᠠᠭᠤ ᠮᠠᠯᠴᠢᠨ ᠲᠠᠷᠢᠶᠠᠴᠢᠨ ᠢ ᠲᠦᠪᠯᠡᠷᠡᠬᠦᠯᠦᠨ ᠨᠢᠬᠡᠳᠦᠯᠳᠡᠢ ᠬᠦᠮᠦᠵᠢᠬᠦᠯᠵᠦ᠂ 35 ᠪᠦᠬᠦᠯᠢ ᠨᠠᠰᠦᠨ ᠠᠴᠠ ᠲᠤᠷᠤᠬᠰᠢᠬᠢ ᠶᠡᠭᠡ ᠰᠤᠷᠭᠠᠭᠤᠯᠢ ᠲᠡᠬᠦᠰᠦᠭᠰᠡᠨ ᠤᠶᠤᠳᠠᠨ᠂ ᠨᠤᠳᠤᠭ ᠲᠠᠭᠠᠨ ᠪᠤᠴᠠᠬᠰᠠᠨ ᠦᠢᠯᠡᠰ ᠪᠤᠰᠬᠠᠬᠴᠢᠳ᠂ ᠴᠡᠷᠢᠭ ᠠᠴᠠ ᠬᠠᠯᠠᠬᠳᠠᠬᠰᠠᠳ ᠵᠡᠷᠭᠡ ᠰᠢᠯᠢᠳᠡᠭ ᠵᠠᠯᠠᠭᠤᠴᠤᠳ ᠢ ᠭᠤᠤᠯᠳᠠᠯᠭ᠎ᠠ ᠲᠠᠢ ᠬᠦᠮᠦᠵᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠴᠢᠳᠠᠪᠦᠷᠢᠳᠠᠨ ᠬᠦᠮᠦᠵᠢᠬᠦᠯᠦᠨ ᠦᠭᠴᠡᠢ᠃ ᠤᠳᠤ ᠪᠦᠬᠦ ᠬᠤᠰᠢᠭᠤᠨ ᠳᠤ ᠬᠦᠳᠡᠭᠡ ᠨᠤᠳᠤᠭ ᠤᠨ ᠴᠢᠳᠠᠪᠦᠷᠢᠳᠠᠨ ᠬᠦᠮᠦᠵᠢᠬᠦᠯᠬᠦ ᠲᠦᠪ ᠲᠤ 1084 ᠴᠢᠳᠠᠪᠦᠷᠢᠳᠠᠨ ᠲᠠᠢ᠂ ᠡᠬᠦᠨ ᠳᠤ᠂ ᠨᠠᠮ ᠤᠨ ᠬᠡᠰᠢᠬᠦᠨ᠂ ᠪᠡᠯᠡᠳᠬᠡᠯ ᠨᠠᠮ ᠤᠨ ᠬᠡᠰᠢᠬᠦᠨ 180 ᠬᠦᠮᠦᠨ᠂ ᠠᠵᠦ ᠦᠢᠯᠡᠰ ᠤᠨ ᠪᠠᠶᠠᠵᠢᠯ ᠤᠨ ᠴᠢᠳᠠᠪᠦᠷᠢᠳᠠᠨ 334 ᠬᠦᠮᠦᠨ ᠪᠤᠢ᠃                                 ︵ᠪᠠᠢ ᠢᠤᠢ ᠯᠢᠶᠠᠩ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号