ᠪᠤᠯᠪᠠᠰᠤᠨ ᠤ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ ᠪᠠᠶᠢᠭ᠎ᠠ ᠠᠯᠳᠠᠷᠳᠣ ᠰᠤᠮᠤ
ᠨᠡᠶᠢᠲᠡᠯᠡᠭᠰᠡᠨ ᠴᠠᠭ᠄
2024/9/19
      ᠵᠠᠯᠠᠶᠢᠳ ᠬᠤᠰᠢᠭᠤᠨ ᠤ ᠠᠯᠳᠠᠷᠳᠤ ᠰᠤᠮᠤ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠡᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠢᠯᠡᠳᠦᠯᠬᠡᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠠᠭᠤᠴᠢᠨ ᠵᠠᠩ ᠲᠠᠳᠬᠠᠯ ᠢ ᠦᠬᠡᠷᠡᠴᠢᠯᠡᠬᠦ ᠶᠢ ᠬᠦᠨᠵᠡᠬᠡᠢ ᠠᠬᠢᠭᠤᠯᠵᠦ᠂ ᠴᠠᠭ ᠦᠶ᠎ᠡ ᠶᠢᠨ ᠰᠢᠨ᠎ᠠ ᠰᠤᠷᠳᠠᠯ ᠢ ᠪᠠᠳᠠᠷᠠᠭᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠪᠤᠯᠪᠠᠰᠦᠨ ᠤ ᠬᠦᠳᠡᠯᠭᠡᠭᠴᠢ ᠬᠦᠴᠦᠨ ᠤᠯᠭᠤᠵᠠᠢ᠃ ᠤᠶᠢᠷ᠎ᠠ ᠶᠢᠨ ᠬᠡᠳᠦᠨ ᠵᠢᠯ᠂ ᠠᠯᠳᠠᠷᠳᠤ ᠰᠤᠮᠤ ᠰᠢᠨ᠎ᠠ ᠴᠠᠭ ᠦᠶ᠎ᠡ ᠶᠢᠨ ᠪᠤᠯᠪᠠᠰᠦᠨ ᠦᠢᠯᠡᠳᠦᠯᠬᠡ ᠶᠢᠨ ᠭᠠᠵᠠᠷ᠂ ᠦᠷᠳᠡᠭᠡ᠂ ᠴᠡᠭ ᠲᠤ ᠲᠦᠰᠢᠭᠯᠡᠨ ᠤᠯᠠᠨ ᠡᠰᠢᠵᠢᠭᠰᠡᠨ ᠪᠤᠯᠪᠠᠰᠦᠨ ᠦᠢᠯᠡᠳᠦᠯᠬᠡ ᠶᠢᠨ ᠠᠵᠢᠯᠯᠠᠭ᠎ᠠ ᠪᠠᠷ ᠠᠴᠢᠶᠠᠯᠠᠬᠴᠢ ᠪᠤᠯᠭᠠᠵᠦ ᠂ ᠤᠯᠠᠨ ᠲᠦᠮᠡᠨ ᠤ ᠪᠤᠯᠪᠠᠰᠦᠨ ᠤ ᠬᠢᠷᠢ ᠲᠦᠪᠰᠢᠨ ᠢ ᠲᠠᠰᠦᠷᠠᠯᠳᠠ ᠦᠬᠡᠢ ᠲᠡᠭᠡᠭᠰᠢᠯᠡᠬᠦᠯᠵᠡᠢ᠃      ᠠᠯᠳᠠᠷᠳᠤ ᠰᠤᠮᠤ ᠤᠬᠠᠭᠤᠯᠬᠤ ᠠᠵᠢᠯ ᠤᠨ ᠲᠠᠯ᠎ᠠ ᠪᠠᠷ ᠰᠢᠨ᠎ᠡ ᠶᠢ ᠡᠬᠦᠳᠴᠦ᠂ ︽ᠤᠬᠠᠭᠤᠯᠭ᠎ᠠ + N︾ ᠵᠠᠬᠪᠦᠷ ᠢ ᠡᠷᠢᠯᠬᠢᠯᠡᠵᠦ᠂ ᠤᠬᠠᠭᠤᠯᠭ᠎ᠠ ᠪᠤᠯᠤᠨ ᠲᠠᠭᠠᠭᠤᠯᠤᠨ ᠰᠤᠷᠤᠯᠴᠠᠬᠤ᠂ ᠤᠷᠠᠨ ᠰᠠᠶᠢᠬᠠᠨ ᠤ ᠲᠤᠬᠯᠠᠯᠳᠠ᠂ ᠰᠠᠶᠢᠨ ᠲᠤᠷ᠎ᠠ ᠶᠢᠨ ᠦᠢᠯᠡᠴᠢᠯᠡᠭᠡ ᠵᠡᠷᠭᠡ ᠶᠢ ᠬᠠᠷᠢᠯᠴᠠᠨ ᠤᠶᠠᠯᠳᠤᠭᠤᠯᠵᠦ᠂ ᠤᠬᠠᠭᠤᠯᠭ᠎ᠠ ᠶᠢᠨ ᠠᠭᠤᠯᠭ᠎ᠠ ᠶᠢ ᠤᠯᠠᠨ ᠲᠦᠮᠡᠨ ᠤ ᠠᠮᠢᠳᠦᠷᠠᠯ ᠲᠠᠢ ᠨᠡᠩ ᠤᠶᠢᠷᠠᠳᠤᠭᠤᠯᠵᠦ ᠪᠤᠢ᠃ ᠡᠳᠡᠭᠡᠷ ᠠᠵᠢᠯᠯᠠᠭ᠎ᠠ ᠪᠠᠷ ᠲᠠᠮᠵᠢᠭᠤᠯᠤᠨ ᠤᠯᠠᠨ ᠲᠦᠮᠡᠨ ᠤ ᠪᠤᠯᠪᠠᠰᠦᠨ ᠤ ᠬᠢᠷᠢ ᠲᠦᠪᠰᠢᠨ ᠢ ᠢᠯᠡᠷᠬᠡᠢ ᠲᠡᠭᠡᠭᠰᠢᠯᠡᠬᠦᠯᠵᠡᠢ᠃      ᠡᠬᠦᠨ ᠤ ᠬᠠᠮᠳᠤ᠂ ᠰᠤᠶᠤᠯ ᠤᠨ ᠲᠤᠰᠬᠤᠨ ᠤ ᠲᠠᠷᠤᠭ᠎ᠠ ᠬᠦᠳᠡᠭᠡ ᠲᠤᠰᠬᠤᠨ ᠤ ᠰᠤᠶᠤᠯ ᠤᠨ ᠪᠠᠶᠢᠭᠤᠯᠤᠯᠳᠠ ᠳᠤ ᠴᠢᠬᠤᠯᠠ ᠦᠢᠯᠡᠳᠦᠯ ᠦᠵᠡᠬᠦᠯᠵᠦ ᠪᠤᠢ᠃ ᠰᠤᠶᠤᠯ ᠤᠷᠠᠯᠢᠭ ᠤᠨ ᠭᠤᠤᠯ ᠰᠡᠳᠤᠪᠳᠤ ᠠᠵᠢᠯᠯᠠᠭ᠎ᠠ᠂ ᠪᠤᠯᠪᠠᠰᠦᠨ ᠬᠡᠷ ᠪᠦᠯᠢ ᠶᠢᠨ ᠲᠦᠯᠦᠭᠡᠯᠡᠭᠴᠢ ᠶᠢ ᠤᠷᠢᠨ ᠤᠬᠠᠭᠤᠯᠭ᠎ᠠ ᠬᠢᠯᠬᠡᠬᠦ ᠵᠡᠷᠭᠡ ᠠᠵᠢᠯᠯᠠᠭ᠎ᠠ ᠦᠷᠨᠢᠬᠦᠯᠬᠦ ᠪᠠᠷ ᠲᠠᠮᠵᠢᠭᠤᠯᠤᠨ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠬᠰᠠᠨ ᠢᠶᠠᠷ ᠪᠠᠷᠠᠬᠤ ᠦᠬᠡᠢ ᠮᠠᠯᠵᠢᠬᠤ ᠲᠠᠷᠢᠶᠠᠯᠠᠬᠤ ᠤᠷᠤᠨ ᠤ ᠵᠠᠩ ᠲᠠᠳᠬᠠᠯ ᠢ ᠦᠬᠡᠷᠡᠴᠢᠯᠡᠬᠦ ᠠᠵᠢᠯ ᠢ ᠬᠦᠨᠵᠡᠬᠡᠢ ᠠᠬᠢᠭᠤᠯᠵᠠᠢ᠃       ᠨᠡᠶᠢᠳᠡᠯᠢᠭ ᠲᠠᠭᠤᠷᠢᠶᠠᠯ ᠢ ᠱᠤᠭᠤᠬᠤ ᠲᠠᠯ᠎ᠠ ᠪᠠᠷ᠂ ᠠᠯᠳᠠᠷᠳᠤ ᠰᠤᠮᠤ ᠲᠡᠷᠬᠡᠳᠡᠬᠢ ᠰᠠᠶᠢᠨ ᠬᠦᠮᠦᠨ᠂ ᠬᠠᠮᠤᠭ ᠤᠨ ᠭᠤᠶᠤ ᠬᠡᠷ ᠪᠦᠯᠢ᠂ ᠪᠤᠯᠪᠠᠰᠦᠨ ᠬᠡᠷ ᠪᠦᠯᠢ ᠶᠢ ᠡᠷᠢᠬᠦ ᠠᠵᠢᠯᠯᠠᠭ᠎ᠠ ᠦᠷᠨᠢᠬᠦᠯᠵᠡᠢ᠃ ᠲᠡᠷᠢᠬᠦᠨ ᠤ ᠨᠡᠶᠢᠳᠡᠯᠢᠭ ᠢ ᠦᠨᠡᠯᠡᠨ ᠰᠢᠯᠭᠠᠷᠠᠭᠤᠯᠬᠤ ᠠᠵᠢᠯᠯᠠᠭ᠎ᠠ ᠦᠷᠨᠢᠬᠦᠯᠬᠦ ᠪᠠᠷ ᠲᠠᠮᠵᠢᠭᠤᠯᠤᠨ᠂ ᠲᠡᠳᠡᠨ ᠤ ᠵᠢᠱᠢᠶᠡᠴᠢ ᠬᠦᠳᠦᠯᠦᠨ ᠲᠠᠭᠠᠭᠤᠯᠬᠤ ᠦᠢᠯᠡᠳᠦᠯ ᠢ ᠪᠠᠳᠠᠷᠠᠭᠤᠯᠵᠦ᠂ ᠤᠯᠠᠨ ᠲᠦᠮᠡᠨ ᠤ ᠰᠠᠶᠢᠨ ᠰᠠᠶᠢᠬᠠᠨ ᠢ ᠬᠦᠬᠡᠬᠡᠴᠡᠯᠳᠦᠬᠦ ᠤᠷᠮ᠎ᠠ ᠵᠤᠷᠢᠭ ᠢ ᠬᠦᠭᠵᠢᠬᠡᠵᠡᠢ᠃ ᠡᠳᠡᠭᠡᠷ ᠨᠡᠶᠢᠳᠡᠯᠢᠭ ᠵᠢᠱᠢᠶᠡᠴᠢ ᠴᠤᠯᠭᠤᠷᠠᠬᠰᠠᠨ ᠨᠢ ᠤᠯᠠᠨ ᠲᠦᠮᠡᠨ ᠤ ᠰᠤᠶᠤᠯ ᠤᠨ ᠬᠢᠷᠢ ᠲᠦᠪᠰᠢᠨ ᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠨᠡᠶᠢᠬᠡᠮ ᠤᠨ ᠰᠤᠷᠳᠠᠯ ᠤᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠵᠠᠢ᠃      ᠡᠬᠦᠨ ᠠᠴᠠ ᠭᠠᠳᠠᠨ᠎ᠠ᠂ ᠠᠯᠳᠠᠷᠳᠤ ᠰᠤᠮᠤ ᠪᠠᠰᠠ ᠡᠩᠨᠡᠭᠡ ᠶᠢᠨ ᠪᠠᠶᠢᠭᠤᠯᠤᠯᠳᠠ ᠪᠠᠨ ᠲᠡᠬᠦᠯᠳᠡᠷᠵᠢᠬᠦᠯᠬᠦ ᠶᠢ ᠴᠢᠬᠤᠯᠠᠴᠢᠯᠠᠵᠦ᠂ ᠪᠤᠯᠪᠠᠰᠦᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠵᠦ ᠪᠤᠢ᠃ ᠠᠯᠳᠠᠷᠳᠤ ᠰᠤᠮᠤ ᠠᠮᠦᠷ ᠠᠮᠤᠭᠤᠯᠠᠩ ᠤᠨ ᠪᠠᠶᠢᠭᠤᠯᠤᠯᠳᠠ ᠪᠤᠯᠤᠨ ᠮᠠᠯᠵᠢᠬᠤ ᠲᠠᠷᠢᠶᠠᠯᠠᠬᠤ ᠤᠷᠤᠨ ᠤ ᠵᠠᠩ ᠲᠠᠳᠬᠠᠯ ᠢ ᠦᠬᠡᠷᠡᠴᠢᠯᠡᠬᠦ ᠠᠵᠢᠯ ᠲᠠᠢ ᠤᠶᠠᠯᠳᠤᠭᠤᠯᠤᠨ᠂ ᠤᠯᠠᠨ ᠰᠠᠶᠢᠨ ᠲᠤᠷᠠᠴᠤᠤᠯ ᠤᠨ ᠡᠩᠨᠡᠭᠡ ᠶᠢ ᠪᠠᠶᠢᠭᠤᠯᠤᠬᠰᠠᠨ ᠪᠦᠭᠡᠳ ᠲᠤᠰᠬᠤᠨ ᠤ ᠲᠦᠷᠢᠮ ᠠᠷᠠᠳ ᠤᠨ ᠬᠡᠷ᠎ᠡ ᠶᠢ ᠲᠡᠬᠦᠯᠳᠡᠷᠵᠢᠬᠦᠯᠵᠡᠢ᠃      ᠰᠢᠷᠢᠰ ᠠᠵᠢᠯᠯᠠᠭ᠎ᠠ ᠪᠠ ᠦᠢᠯᠡᠳᠦᠯᠬᠡ ᠪᠠᠷ ᠲᠠᠮᠵᠢᠨ ᠪᠤᠯᠪᠠᠰᠦᠨ ᠰᠤᠷᠳᠠᠯ ᠲᠠᠢ᠂ ᠤᠷᠴᠢᠨ ᠲᠤᠭᠤᠷᠢᠨ ᠭᠤᠶᠤ ᠰᠠᠶᠢᠬᠠᠨ᠂ ᠡᠶ᠎ᠡ ᠨᠡᠶᠢᠷᠳᠠᠢ᠂ ᠪᠦᠯᠬᠦᠮᠳᠡᠨ ᠨᠢᠬᠳᠠᠷᠠᠬᠰᠠᠨ ᠠᠯᠳᠠᠷᠳᠤ ᠰᠤᠮᠤ ᠶᠢᠨ ᠬᠦᠳᠡᠭᠡ ᠲᠤᠰᠬᠤᠨ ᠤ ᠲᠦᠷᠢ ᠲᠦᠷᠬᠦ ᠨᠢ ᠲᠠᠰᠦᠷᠠᠯᠳᠠ ᠦᠬᠡᠢ ᠰᠠᠶᠢᠵᠢᠷᠠᠵᠠᠢ᠃ ᠡᠳᠡᠭᠡᠷ ᠬᠢᠷᠢ ᠪᠦᠳᠦᠮᠵᠢ ᠨᠢ ᠰᠢᠨ᠎ᠠ ᠴᠠᠭ ᠦᠶ᠎ᠡ ᠶᠢᠨ ᠪᠤᠯᠪᠠᠰᠦᠨ ᠦᠢᠯᠡᠳᠦᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠭᠰᠡᠨ ᠪᠠ ᠮᠠᠯᠵᠢᠬᠤ ᠲᠠᠷᠢᠶᠠᠯᠠᠬᠤ ᠤᠷᠤᠨ ᠤ ᠵᠠᠩ ᠲᠠᠳᠬᠠᠯ ᠢ ᠦᠬᠡᠷᠡᠴᠢᠯᠡᠬᠦ ᠠᠵᠢᠯ ᠢ ᠦᠷᠬᠦᠯᠵᠢᠯᠡᠨ ᠠᠬᠢᠭᠤᠯᠤᠬᠰᠠᠨ ᠠᠴᠠ ᠰᠠᠯᠵᠦ ᠴᠢᠳᠠᠬᠤ ᠦᠬᠡᠢ ᠶᠤᠮ᠃ ᠠᠯᠳᠠᠷᠳᠤ ᠰᠤᠮᠤ ᠤᠯᠠᠨ ᠲᠦᠮᠡᠨ ᠤ ᠵᠤᠯ ᠵᠢᠷᠭᠠᠯ ᠤᠨ ᠲᠦᠷᠦᠭᠳᠡᠯ ᠪᠠ ᠬᠦᠷᠳᠡᠭᠡᠮᠵᠢ ᠶᠢᠨ ᠲᠦᠷᠦᠭᠳᠡᠯ ᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠠ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠤᠯᠭᠤᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号