ᠬᠦᠳᠡᠯᠭᠡᠭᠡᠨ ᠬᠢᠬᠦ ᠦᠬᠡᠢ ᠤᠳᠠᠭᠠᠨ ᠰᠠᠭᠤᠪᠠᠯ ᠡᠷᠳᠡ ᠦᠳᠡᠯᠦᠨ᠎ᠠ
ᠨᠡᠶᠢᠲᠡᠯᠡᠭᠰᠡᠨ ᠴᠠᠭ᠄
2024/9/20
    ᠠᠮᠧᠷᠢᠺᠠ ᠶᠢᠨ ᠰᠢᠨᠵᠢᠯᠡᠬᠦ ᠤᠬᠠᠭᠠᠨᠳᠠᠳ ᠤᠨ ᠢᠯᠡᠷᠡᠬᠦᠯᠦᠭᠰᠡᠨ ᠢᠶᠠᠷ᠂ ᠨᠠᠰᠤᠳᠠᠶᠢᠴᠤᠤᠯ ᠤᠳᠠᠭᠠᠨ ᠰᠠᠭᠤᠪᠠᠯ ᠦᠳᠡᠯᠬᠦ ᠬᠤᠷᠳᠤᠴᠠ ᠶᠢ ᠲᠦᠷᠭᠡᠳᠭᠡᠳᠡᠭ᠃     ᠨᠢᠬᠡ ᠡᠳᠦᠷ ᠲᠤ 10 ᠴᠠᠭ ᠠᠴᠠ ᠲᠡᠭᠡᠭᠰᠢ ᠨᠠᠮ ᠰᠠᠭᠤᠬᠤ ᠮᠦᠷᠲᠡᠬᠡᠨ 40 ᠮᠢᠨᠦ᠋ᠲ ᠠᠴᠠ ᠲᠤᠷᠤᠭᠰᠢ ᠬᠦᠳᠡᠯᠬᠡᠬᠡᠨ ᠬᠢᠭᠰᠡᠳ ᠦᠪᠡᠷ ᠤᠨ ᠪᠤᠳᠠᠳᠠᠢ ᠨᠠᠰᠤᠨ ᠠᠴᠠ ᠪᠠᠨ ᠠᠳᠠᠬ ᠲᠠᠭᠠᠨ 8 ᠵᠢᠯ ᠡᠷᠳᠡ ᠦᠳᠡᠯᠦᠨ᠎ᠠ᠃ ᠺᠠᠯᠢᠹᠤᠷᠨᠢᠶ᠎ᠠ ᠶᠡᠭᠡ ᠰᠤᠷᠭᠠᠭᠤᠯᠢ ᠶᠢᠨ ᠰᠤᠳᠤᠯᠭᠠᠳᠠᠳ 1500 ᠨᠡᠷ᠎ᠠ 64 -95 ᠨᠠᠰᠤᠨ ᠤ ᠨᠠᠰᠤᠳᠠᠶᠢᠴᠤᠤᠯ ᠳᠤ ᠬᠢᠨᠠᠨ ᠬᠡᠮᠵᠢᠯᠳᠡ ᠶᠢᠨ ᠲᠦᠬᠦᠬᠡᠷᠦᠮᠵᠢ ᠵᠡᠬᠦᠯᠬᠡᠨ᠂ ᠳᠡᠳᠡᠨ ᠤ ᠨᠢᠬᠡ ᠭᠠᠷᠠᠭ ᠤᠨ ᠬᠤᠭᠤᠴᠠᠭᠠᠨ ᠳᠠᠬᠢ ᠬᠦᠳᠡᠯᠬᠡᠬᠡᠨ ᠤ ᠪᠠᠶᠢᠳᠠᠯ ᠢ ᠳᠡᠮᠳᠡᠭᠯᠡᠵᠦ᠂ ᠲᠡᠬᠢᠨ ᠴᠢᠰᠤᠨ ᠤ ᠪᠠᠶᠢᠴᠠᠭᠠᠯᠳᠠ ᠪᠠᠷ ᠲᠠᠮᠵᠢᠨ ᠪᠡᠶ᠎ᠠ ᠶᠢᠨ ᠡᠰ ᠤᠨ ᠡᠷᠡᠬᠦᠯ ᠴᠢᠬᠢᠷᠠᠬ ᠤᠨ ᠪᠠᠶᠢᠳᠠᠯ ᠢ ᠵᠠᠳᠠᠯᠪᠠ᠃      ᠪᠠᠶᠢᠴᠠᠭᠠᠯᠳᠠ ᠶᠢᠨ ᠳ᠋ᠦᠡᠭ ᠳᠤ᠂ ᠬᠦᠳᠡᠯᠬᠡᠬᠡᠨ ᠬᠢᠭᠰᠡᠨ ᠨᠢ ᠪᠠᠭ᠎ᠠ ᠨᠠᠰᠤᠳᠠᠶᠢᠴᠤᠤᠯ ᠤᠨ ᠡᠰ ᠮᠠᠰᠢ ᠡᠷᠡᠬᠦᠯ ᠪᠤᠰᠤ ᠮᠦᠷᠳᠡᠭᠡᠨ ᠪᠤᠳᠤᠭᠳᠤ ᠴᠤᠭᠴᠠ ᠶᠢᠨ ᠤᠷᠳᠦ ᠶᠢᠨ ᠬᠡᠮᠵᠢᠶ᠎ᠠ ᠨᠡᠩ ᠤᠬᠤᠷ ᠭᠡᠳᠡᠭ ᠢ ᠢᠯᠡᠷᠡᠬᠦᠯᠵᠡᠢ᠃ ᠶᠡᠷᠦᠩᠬᠡᠢ ᠳᠡᠭᠡᠨ᠂ ᠬᠦᠮᠦᠨ ᠤ ᠪᠤᠳᠠᠳᠠᠢ ᠨᠠᠰᠦ ᠨᠡᠮᠡᠭᠳᠡᠬᠦ ᠳᠤᠳᠤᠮ ᠪᠤᠳᠤᠭᠳᠦ ᠪᠡᠶ᠎ᠠ ᠶᠢᠨ ᠦᠵᠦᠬᠦᠷᠯᠢᠭ ᠤᠯᠠᠮ ᠤᠬᠤᠷ ᠪᠤᠯᠳᠠᠬ᠃ ᠬᠡᠪᠡᠴᠦ ᠤᠳᠠᠭᠠᠨ ᠰᠠᠭᠤᠭᠰᠠᠨ ᠠᠴᠠ ᠪᠤᠯᠤᠬᠰᠠᠨ ᠬᠡᠮ ᠠᠷᠬᠠᠬ ᠢ ᠬᠦᠳᠡᠯᠬᠡᠬᠡᠨ ᠬᠢᠬᠦ ᠪᠠᠷ ᠲᠡᠮᠵᠢᠨ ᠨᠦᠬᠦᠪᠦᠷᠢᠯᠡᠵᠦ ᠪᠤᠯᠤᠨ᠎ᠠ ᠬᠡᠵᠦ ᠰᠤᠳᠤᠯᠭᠠᠳᠠᠳ ᠦᠵᠡᠵᠦ ᠪᠠᠶᠢᠨ᠎ᠠ᠃ ᠲᠤᠬᠠᠶᠢᠯᠠᠪᠠᠯ ᠦᠷᠬᠦᠯᠵᠢ ᠬᠦᠳᠡᠯᠬᠡᠬᠡᠨ ᠬᠢᠬᠦ ᠦᠬᠡᠢ ᠰᠠᠭᠤᠭᠠᠳ ᠯᠡ ᠪᠠᠶᠢᠳᠠᠭ ᠨᠠᠰᠤᠳᠠᠶᠢᠴᠤᠤᠯ ᠡᠳᠦᠷ ᠪᠦᠷᠢ ᠬᠠᠭᠠᠰ ᠴᠠᠭ ᠠᠴᠠ ᠲᠡᠭᠡᠭᠰᠢ ᠬᠦᠳᠡᠯᠬᠡᠬᠡᠨ ᠬᠢᠪᠡᠯ ᠡᠷᠲᠡ ᠦᠳᠡᠯᠬᠦ ᠠᠴᠠ ᠵᠠᠶᠢᠯᠠᠰᠭᠢᠵᠦ ᠲᠡᠶᠢᠯᠤᠨ᠎ᠠ᠃ ᠬᠡᠬᠦ ᠳᠤ ᠪᠠᠨ ᠡᠨᠡᠬᠦ ᠰᠤᠳᠤᠯᠭᠠᠨ ᠨᠢ ᠵᠦᠪᠬᠡᠨ ᠡᠮᠡᠭᠳᠡᠶᠢᠴᠤᠳ ᠢᠶᠠᠷ ᠭᠤᠤᠯ ᠪᠤᠯᠭᠠᠬᠰᠠᠨ ᠶᠤᠮ᠃ ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠤᠯᠤᠨ ᠵᠢᠷᠦᠭᠡ ᠴᠢᠰᠦᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠵᠤᠬᠢᠬᠤ ᠬᠡᠮᠵᠢᠶ᠎ᠠ ᠪᠠᠷ ᠲᠡᠭᠡᠭᠰᠢᠯᠡᠬᠦᠯᠤᠨ᠎ᠠ ᠬᠡᠵᠦ ᠰᠤᠳᠤᠯᠭᠠᠳᠠᠳ ᠰᠠᠨᠠᠭᠤᠯᠵᠡᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号