| ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ | ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠪᠥᠬᠦ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠢᠯ ᠶᠡᠷᠦᠩᠬᠡᠶ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠨᠡᠶᠢᠲᠡ 101. | 43 ᠲᠦᠮᠡᠨ ᠬᠦᠮᠦᠨ ᠤᠳᠠᠭ᠎ᠠ ᠶᠢᠨ ᠠᠶᠠᠨᠴᠢᠨ ᠵᠦᠭᠡᠭᠡᠪᠦᠷᠢᠯᠡᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 9.61% ᠪᠠᠷ ᠨᠡᠮᠡᠭᠳᠡᠪᠠ᠃ ᠡᠭᠦᠨ ᠳᠤ ᠲᠡᠮᠦᠷ ᠵᠠᠮ ᠤᠨ ᠠᠶᠠᠨᠴᠢᠳ ᠤᠨ | ᠵᠦᠭᠡᠭᠡᠪᠦᠷᠢ ᠶᠢᠨ ᠬᠡᠮᠵᠢᠶ᠎ᠡ 66.5 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 22.1% ᠪᠠᠷ ᠨᠡᠮᠡᠭᠳᠡᠵᠡᠢ︔ ᠵᠠᠰᠠᠮᠠᠯ ᠵᠠᠮ ᠤᠨ ᠠᠶᠠᠨᠴᠢᠳ ᠤᠨ ᠵᠦᠭᠡᠭᠡᠪᠦᠷᠢ ᠶᠢᠨ | ᠬᠡᠮᠵᠢᠶ᠎ᠡ 13.83 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0. | 73% ᠪᠠᠷ ᠨᠡᠮᠡᠭᠳᠡᠪᠠ︔ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠦᠭᠡᠭᠡᠪᠦᠷᠢ ᠶᠢᠨ ᠬᠡᠮᠵᠢᠶ᠎ᠡ | 21.1 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13. | 31% ᠪᠠᠷ ᠪᠠᠭᠤᠷᠠᠪᠠ᠃ | ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠴᠢᠭᠯᠡᠬᠦᠯᠦᠨ ᠪᠦᠬᠦ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠡᠷᠲᠡᠬᠡᠨ ᠲᠥᠯᠥᠪᠵᠢᠭᠦᠯᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ | ᠦᠢᠯᠡᠴᠢᠯᠡᠭᠡᠨ ᠤ ᠲᠦᠪᠰᠢᠨ ᠢᠶᠠᠨ ᠪᠦᠬᠦ ᠬᠦᠴᠦᠨ ᠢᠶᠠᠷ ᠳᠡᠭᠡᠭᠰᠢᠯᠡᠭᠦᠯᠵᠠᠢ᠃ ᠡᠬᠦᠨ ᠳᠤ ᠵᠠᠮ ᠤᠨ ᠲᠤᠤᠷ ᠤᠨ | ᠠᠵᠢᠯᠯᠠᠭᠠᠨ ᠤ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ︽ᠨᠠᠢᠮᠠᠨ ᠰᠠᠷ᠎ᠠ ᠶᠢᠨ ᠲᠡᠷᠭᠡᠯ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠨ᠂ ᠮᠡᠳᠡᠭᠡ | ᠵᠠᠩᠭᠢ ᠶᠢ ᠬᠠᠮᠲᠤ ᠪᠠᠷ ᠭᠥᠷᠳᠡᠬᠦ ᠪᠠ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠵᠠᠮ ᠬᠠᠷᠢᠯᠴᠠᠭ᠎ᠠ ᠶᠢ ᠰᠢᠯᠤᠭᠤᠳᠬᠠᠬᠤ᠂ ᠡᠳ᠋ ᠪᠣᠳᠠᠰ ᠨᠥᠭᠡᠴᠡᠯᠡᠬᠦ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠪᠠ︔ ᠵᠠᠮ ᠤᠨ ᠲᠤᠤᠷ ᠤᠨ | ᠠᠵᠢᠯᠯᠠᠭᠠᠨ ᠢ ᠬᠢᠨᠠᠨ ᠡᠵᠡᠮᠳᠡᠬᠦ ᠶᠢ ᠴᠢᠩᠭᠠᠳᠬᠠᠵᠤ᠂ ᠬᠥᠭᠦᠷᠭᠡᠨ ᠭᠤᠯᠳᠤᠩ᠂ ᠨᠦᠬᠡᠨ ᠵᠠᠮ ᠵᠡᠷᠭᠡ | ᠭᠤᠤᠯᠳᠠᠯᠭ᠎ᠠ ᠲᠠᠢ ᠵᠠᠰᠠᠮᠠᠯ ᠵᠠᠮ ᠤᠨ ᠰᠠᠭᠤᠷᠢ ᠲᠦᠬᠦᠭᠡᠷᠦᠮᠵᠢ ᠶᠢ ᠪᠠᠶᠢᠴᠠᠭᠠᠬᠤ ᠳᠠᠪᠲᠠᠮᠵᠢ ᠤᠳᠠᠭ᠎ᠠ ᠶᠢ | ᠨᠡᠮᠡᠭᠳᠡᠭᠦᠯᠤᠨ᠂ ᠴᠠᠭ ᠲᠤᠬᠠᠶ ᠳᠤᠨᠢ ᠵᠢᠯᠣᠭᠤᠳᠤᠨ ᠰᠢᠢᠳᠪᠦᠷᠢᠯᠡᠵᠦ᠂ ᠡᠭᠦᠰᠦᠮᠡᠯ ᠭᠠᠮᠰᠢᠭ ᠭᠠᠷᠬᠤ ᠠᠴᠠ | ᠵᠠᠶᠢᠯᠠᠰᠭᠢᠪᠠ︔ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ ᠠᠮᠤᠷ ᠲᠦᠪᠰᠢᠨ ᠪᠠ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ | ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠷᠢᠳᠴᠢᠯᠠᠨ ᠨᠡᠮᠡᠵᠦ᠂ ᠬᠥᠮᠦᠨ ᠤ ᠬᠦᠴᠦᠨ ᠢ ᠨᠡᠮᠡᠭᠳᠡᠭᠦᠯᠤᠨ᠂ | ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ 668 ᠬᠥᠮᠦᠨ ᠤᠳᠠᠭ᠎ᠠ ᠲᠣᠭᠤᠷᠢᠨ ᠪᠠᠶᠢᠴᠠᠭᠠᠪᠠ︔ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ᠂ ᠵᠠᠮ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠵᠠᠰᠠᠬᠤ ᠠᠵᠢᠯ ᠢ ᠴᠢᠩᠭᠠᠳᠬᠠᠵᠤ᠂ ᠨᠡᠶᠢᠲᠡ 4760 ᠬᠥᠮᠦᠨ ︵ᠤᠳᠠᠭ᠎ᠠ︶ ᠲᠤᠬᠢᠷᠠᠭᠤᠯᠵᠤ᠂ 305 ᠠᠵᠤ | ᠠᠬᠤᠶᠢᠯᠠᠯ ᠢ ᠪᠠᠶᠢᠴᠠᠭᠠᠨ᠂ 247 ᠵᠦᠢᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ 233 ᠵᠦᠢᠯ ᠢ | ᠨᠢᠭᠡᠨᠲᠡ ᠴᠡᠭᠴᠡᠯᠡᠨ ᠰᠠᠶᠢᠵᠢᠷᠠᠭᠤᠯᠪᠠ︔ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠵᠦ᠂ ᠵᠠᠮ ᠤᠨ | ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠂ 12328 ᠪᠠ 12345 ᠵᠡᠷᠭᠡ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠲᠡ 7007 ᠤᠳᠠᠭ᠎ᠠ ᠬᠦᠯᠢᠶᠡᠨ ᠲᠤᠰᠴᠤ᠂ ᠤᠯᠠᠨ ᠲᠦᠮᠡᠨ ᠤ | ᠲᠤᠰᠬᠠᠭᠰᠠᠨ 6734 ᠶᠠᠪᠤᠳᠠᠯ ᠢ ᠨᠢᠭᠡᠨᠲᠡ ᠭᠦᠢᠴᠡᠳᠭᠡᠵᠤ ᠳᠠᠭᠤᠰᠬᠠᠨ᠂ 273 ᠶᠢ ᠨᠢ ᠶᠠᠭ ᠰᠢᠢᠳᠪᠦᠷᠢᠯᠡᠵᠤ | ᠪᠠᠶᠢᠨ᠎ᠠ᠃ |