ᠵᠠᠯᠠᠶᠢᠳ ᠬᠤᠰᠢᠭᠤᠨ ᠤ 2023 ᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠠᠷᠪᠠ︶
ᠨᠡᠶᠢᠲᠡᠯᠡᠭᠰᠡᠨ ᠴᠠᠭ᠄
2024/9/20
    ᠠᠷᠪᠠ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠦᠢᠯᠡᠴᠢᠯᠡᠭᠡ     ᠪᠦᠬᠦ ᠬᠤᠰᠢᠭᠤᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 283 ᠪᠤᠢ᠃ ᠡᠭᠦᠨ ᠳᠤ᠄ ᠬᠤᠰᠢᠭᠤᠨ ᠤ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 4᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 1᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠢ ᠬᠠᠤᠯᠢ ᠬᠡᠷᠡᠭᠵᠢᠭᠦᠯᠬᠦ ᠶᠡᠭᠡ ᠠᠩᠭᠢ 1᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ ᠬᠤᠰᠢᠭᠤᠨ ᠳᠤ ᠰᠠᠭᠤᠭ᠎ᠠ ᠡᠮᠴᠢᠯᠡᠭᠡᠨ ᠤ ᠪᠠᠶᠢᠭᠤᠯᠤᠮᠵᠢ 2᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 22᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 2᠂ ᠬᠤᠪᠢ ᠶᠢᠨ ᠡᠮᠴᠢᠯᠡᠭᠡᠨ ᠤ ᠭᠠᠵᠠᠷ 66 ᠪᠣᠶ᠃ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ 1543 ᠡᠪᠡᠳᠴᠢᠲᠡᠨ ᠤ ᠣᠷᠣ ᠲᠠᠢ᠂ ᠵᠢᠯ ᠤᠨ ᠡᠴᠦᠰ ᠲᠤ ᠪᠥᠬᠦ ᠬᠤᠰᠢᠭᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠶᠡᠷᠦᠩᠬᠡᠶ ᠲᠤᠭ᠎ᠠ 1995 ᠪᠠᠶᠢᠵᠤ᠂ ᠡᠭᠦᠨ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 1805 ᠬᠥᠮᠦᠨ᠂ ᠮᠡᠷᠭᠡᠵᠢᠯ ᠤᠨ ᠡᠮᠴᠢ ︵ᠲᠤᠰᠠᠯᠠᠬᠤ︶ 845 ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 615 ᠬᠥᠮᠦᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠦᠢᠯᠡᠰ ᠲᠠᠰᠤᠷᠠᠯᠲᠠ ᠦᠭᠡᠢ ᠴᠢᠩᠭᠠᠷᠠᠵᠤ᠂ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠨ ᠬᠠᠮᠢᠶᠠᠷᠬᠤ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 188 ᠪᠠᠶᠢᠵᠤ᠂ ᠬᠥᠳᠡᠭᠡ ᠲᠣᠰᠬᠤᠨ ᠤ ᠡᠮᠴᠢ 221 ᠬᠥᠮᠥᠨ ᠲᠠᠢ ᠪᠣᠯᠪᠠ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠩᠭᠠᠪᠠ︶ ᠃      ᠵᠢᠯ ᠤᠨ ᠡᠴᠦᠰ ᠲᠤ ᠪᠦᠬᠦ ᠬᠤᠰᠢᠭᠤᠨ ᠳᠤ ᠬᠤᠲᠠ ᠪᠠᠯᠭᠠᠰᠤᠨ ᠤ ᠨᠡᠶᠢᠭᠡᠮ ᠲᠣᠭᠤᠷᠢᠭ ᠪᠠ ᠬᠥᠳᠡᠭᠡ ᠲᠣᠰᠬᠤᠨ ᠤ ᠨᠡᠶᠢᠭᠡᠮ ᠲᠣᠭᠤᠷᠢᠭ 31 ᠪᠠᠶᠢᠨ᠎ᠠ᠃ ᠪᠥᠬᠦ ᠬᠤᠰᠢᠭᠤᠨ ᠳᠤ ᠣᠷᠣᠨ ᠪᠦᠰᠡ ᠶᠢᠨ ᠴᠢᠨᠠᠷᠲᠠᠶ ᠨᠠᠰᠤᠲᠠᠨ ᠢ ᠠᠰᠠᠷᠠᠬᠤ ᠬᠦᠷᠢᠶᠡᠯᠡᠩ 4᠂ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠣ 428 ᠪᠠᠶᠢᠵᠤ᠂ 207 ᠬᠥᠮᠦᠨ ᠢ ᠲᠥᠪᠯᠡᠷᠡᠭᠦᠯᠦᠨ ᠠᠰᠠᠷᠠᠨ ᠲᠡᠵᠢᠭᠡᠵᠤ ᠪᠤᠢ᠃ ᠪᠦᠬᠦ ᠵᠢᠯ ᠳᠤ ᠨᠡᠶᠢᠳᠡ 42930 ᠬᠦᠮᠦᠨ ᠤᠯᠤᠰ ᠤᠨ ᠨᠠᠭᠠᠳᠤ ᠵᠠᠬ᠎ᠠ ᠶᠢᠨ ᠠᠮᠢᠳᠤᠷᠠᠯ ᠤᠨ  ᠪᠠᠳᠣᠯᠠᠭ᠎ᠠ ᠶᠢᠨ ᠳᠡᠳᠬᠦᠮᠵᠢ ᠶᠢ ᠬᠦᠷᠲᠡᠵᠤ᠂ ᠠᠳᠠᠯᠢ ᠬᠤᠭᠤᠴᠠᠭᠠᠨ ᠤ ᠬᠢ ᠠᠴᠠ 575 ᠬᠦᠮᠦᠨ ᠨᠡᠮᠡᠭᠳᠡᠵᠡᠢ᠃ ᠡᠭᠦᠨ ᠳᠤ᠄ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠬᠦ ᠰᠠᠭᠤᠭᠠᠯᠢ ᠠᠷᠠᠳ 39322 ᠬᠥᠮᠦᠨ ᠪᠠᠶᠢᠵᠤ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 19266.51 ᠲᠦᠮᠡᠨ ᠲᠥᠭᠦᠷᠢᠭ ᠲᠠᠷᠬᠠᠭᠠᠪᠠ︔ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠭᠰᠡᠨ 3608 ᠰᠠᠭᠤᠭᠠᠯᠢ ᠠᠷᠠᠳ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 2963.03 ᠲᠦᠮᠡᠨ ᠲᠥᠭᠦᠷᠢᠭ ᠲᠠᠷᠬᠠᠭᠠᠪᠠ  ︵ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠩᠭᠠᠪᠠ︶᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号