ᠵᠠᠯᠠᠶᠢᠳ ᠬᠤᠰᠢᠭᠤᠨ ᠤ 2023 ᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠠᠷᠪᠠᠨ ᠨᠢᠭᠡ︶
ᠨᠡᠶᠢᠲᠡᠯᠡᠭᠰᠡᠨ ᠴᠠᠭ᠄
2024/9/20
    ᠠᠷᠪᠠᠨ ᠨᠢᠭᠡ  ᠡᠬᠢ ᠪᠠᠶᠠᠯᠢᠭ ᠪᠠ ᠣᠷᠴᠢᠨ ᠲᠣᠭᠤᠷᠢᠨ     ᠪᠦᠬᠦ ᠵᠢᠯ ᠤᠨ ᠶᠡᠷᠦᠩᠬᠡᠶ ᠬᠡᠷᠡᠭᠯᠡᠬᠦ ᠤᠰᠤᠨ ᠤ ᠬᠡᠮᠵᠢᠶ᠎ᠡ 3.9465 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠳᠡᠭᠡᠷ᠎ᠡ ᠵᠢᠯ ᠤᠨ ᠬᠢ ᠠᠴᠠ 2.85% ᠪᠠᠷ ᠪᠠᠭᠤᠷᠠᠪᠠ᠃ ᠡᠭᠦᠨ ᠳᠤ᠂ ᠠᠮᠢᠳᠤᠷᠠᠯ ᠳᠤ ᠬᠡᠷᠡᠭᠯᠡᠬᠦ ᠤᠰᠤ 0.106 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠳᠡᠭᠡᠷ᠎ᠡ ᠵᠢᠯ ᠤᠨ ᠬᠢ ᠠᠴᠠ 1.3% ᠪᠠᠷ ᠪᠠᠭᠤᠷᠠᠪᠠ︔ ᠠᠵᠤ ᠦᠢᠯᠡᠳᠪᠦᠷᠢ ᠳᠤ ᠬᠡᠷᠡᠭᠯᠡᠬᠦ ᠤᠰᠤ 32 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ ᠂ 6.66% ᠪᠠᠷ ᠨᠡᠮᠡᠭᠳᠡᠪᠡ︔ ᠲᠠᠷᠢᠶᠠᠯᠠᠩ ᠳᠤ ᠬᠡᠷᠡᠭᠯᠡᠬᠦ ᠤᠰᠤ 3.5264 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ 2.87% ᠪᠠᠷ ᠪᠠᠭᠤᠷᠠᠪᠠ︔ ᠠᠮᠢ ᠠᠬᠤᠢ ᠵᠢᠨ‌ᠨᠥ᠋ᠬᠦᠪᠥᠷᠢᠯᠡᠬᠦ ᠤᠰᠤ 3110 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ 8.52% ᠢᠶᠠᠷ ᠪᠠᠭᠤᠷᠠᠪᠠ᠃ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ 7.18 ᠪᠣᠰᠤᠭ᠎ᠠ ᠳᠥᠷᠪᠡᠯᠵᠢᠨ ᠮᠧᠲᠷ ᠪᠠᠶᠢᠵᠤ᠂ 5.27% ᠪᠠᠷ ᠨᠡᠮᠡᠭᠳᠡᠪᠡ ︵ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠩᠭᠠᠪᠠ︶᠃     2023 ᠣᠨ ᠳᠤ ᠪᠥᠬᠦ ᠬᠤᠰᠢᠭᠤ ᠪᠠᠷ ᠢᠶᠠᠨ ᠨᠡᠶᠢᠲᠡ 12.46 ᠲᠦᠮᠡᠨ ᠮᠥ ᠣᠶᠢᠵᠢᠭᠤᠯᠬᠤ ᠡᠭᠦᠷᠭᠡ ᠶᠢ ᠪᠡᠶᠡᠯᠡᠭᠦᠯᠵᠡᠢ᠂ ᠡᠭᠦᠨ ᠳᠤ᠄ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ ᠬᠥᠮᠦᠨ ᠤ ᠬᠦᠴᠦ ᠪᠠᠷ 3.52 ᠲᠦᠮᠡᠨ ᠮᠥ ᠣᠶᠢᠵᠢᠭᠤᠯᠵᠤ᠂ ᠲᠠᠴᠢᠷᠳᠠᠭᠰᠠᠨ ᠣᠶ ᠶᠢ 0.94 ᠲᠦᠮᠡᠨ ᠮᠥ ᠵᠠᠰᠠᠨ ᠰᠡᠷᠭᠦᠭᠡᠪᠡ᠃ ᠣᠶ ᠰᠢᠭᠤᠶ ᠶᠢᠨ ᠶᠠᠰᠤ ᠴᠢᠨᠠᠷ ᠢ ᠨᠠᠷᠢᠯᠢᠭ ᠣᠨᠣᠴᠠᠲᠠᠶ ᠪᠠᠷ 1 ᠲᠦᠮᠡᠨ ᠮᠥ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠵᠤᠯᠵᠠᠭ᠎ᠠ ᠮᠣᠳᠣ ᠶᠢ 5 ᠲᠦᠮᠡᠨ ᠮᠥ ᠠᠷᠠᠴᠢᠯᠠᠨ ᠪᠤᠶᠢᠵᠢᠭᠤᠯᠪᠠ᠃ ᠠᠷᠠᠳ ᠢᠷᠭᠡᠳ 60 ᠲᠦᠮᠡᠨ ᠰᠠᠭᠤᠷᠢ ᠨᠣᠭᠤᠭᠠᠷᠠᠭᠤᠯᠵᠤ᠂ 17 ᠠᠶᠢᠯ ᠲᠣᠰᠬᠤᠨ ᠢ ᠨᠣᠭᠤᠭᠠᠷᠠᠭᠤᠯᠪᠠ᠃ ᠴᠢᠬᠢ ᠮᠣᠳᠣᠨ ᠤ ᠲᠠᠯᠠᠪᠠᠢ 0.74 ᠲᠦᠮᠡᠨ ᠮᠦ᠂ ᠲᠤᠰ ᠵᠢᠯ ᠤᠨ ᠴᠢᠬᠢ ᠮᠣᠳᠣᠨ ᠤ ᠭᠠᠷᠤᠯᠲᠠ 2466 ᠲᠦᠮᠡᠨ ᠰᠠᠭᠤᠷᠢ᠃ ᠵᠢᠯ ᠤᠨ ᠡᠴᠦᠰ ᠲᠤ ᠪᠦᠬᠦ ᠬᠤᠰᠢᠭᠤᠨ ᠤ ᠣᠢ ᠰᠢᠭᠤᠢ ᠶᠢᠨ ᠲᠠᠯᠠᠪᠠᠢ ᠪᠠᠷᠤᠭ 458.68 ᠲᠦᠮᠡᠨ ᠮᠦ ᠪᠠᠶᠢᠵᠤ᠂ ᠣᠢ ᠰᠢᠭᠤᠢ ᠶᠢᠨ ᠪᠦᠷᠬᠦᠴᠡ 25.75% ᠳᠤ ᠬᠦᠷᠪᠡ ︵ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠩᠭᠠᠪᠠ︶᠃      2023 ᠣᠨ ᠳᠤ ᠪᠥᠬᠦ ᠬᠤᠰᠢᠭᠤᠨ ᠳᠤ 1 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ  ᠲᠣᠭᠲᠠᠭᠠᠪᠠ᠃ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠲᠠᠯᠠᠪᠠᠢ 76210 ᠾᠧᠺᠲ᠋ᠠᠷ  ᠪᠣᠯᠤᠨ᠎ᠠ᠃ ᠵᠢᠯ ᠤᠨ ᠡᠴᠤᠰ ᠪᠤᠯᠳᠠᠯ᠎ᠠ ᠪᠦᠬᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠰᠲ᠋ᠧᠮ ᠳᠤ 38 ᠠᠵᠢᠯᠳᠠᠨ ᠲᠠᠢ᠂ ᠵᠠᠯᠠᠶᠢᠳ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠢ ᠬᠢᠨᠠᠨ ᠬᠡᠮᠵᠢᠬᠦ ᠦᠷᠳᠡᠭᠡ 1᠂ ᠤᠷᠴᠢᠨ ᠲᠤᠭᠤᠷᠢᠨ ᠢ ᠬᠢᠨᠠᠨ ᠬᠡᠮᠵᠢᠬᠦ ᠠᠵᠢᠯᠳᠠᠨ 17 ᠬᠦᠮᠦᠨ ᠪᠠᠶᠢᠪᠠ᠃ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 1 ᠪᠠᠶᠢᠵᠤ᠂ ᠬᠠᠤᠯᠢ ᠬᠡᠷᠡᠭᠵᠢᠭᠦᠯᠬᠦ ᠠᠵᠢᠯᠲᠠᠨ 15 ᠬᠥᠮᠦᠨ ᠪᠠᠶᠢᠨ᠎ᠠ ︵ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠠᠩᠭᠠᠪᠠ︶᠃      ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 28.6% ᠪᠠᠷ ᠨᠡᠮᠡᠭᠳᠡᠪᠡ᠂ ᠡᠭᠦᠨ ᠳᠤ᠄ ᠵᠢᠷᠭᠤᠭᠠᠨ ᠶᠡᠭᠡ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.3% ᠪᠠᠷ ᠨᠡᠮᠡᠭᠳᠡᠪᠡ᠃ ᠡᠨᠧᠷᠭᠢ ᠬᠤᠷᠣᠭᠳᠠᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠱᠦᠢᠨᠢ ᠶᠢ ᠢᠳᠡᠭᠡᠰᠢᠭᠰᠡᠨ ᠮᠠᠲ᠋ᠧᠷᠢᠶᠠᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.5% ᠪᠠᠷ ᠪᠠᠭᠤᠷᠠᠪᠠ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号