ᠰᠤᠷᠪᠤᠯᠵᠢᠯᠠᠭᠴᠢ ᠲᠦᠷᠦᠭᠦᠬᠡᠨ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ | ᠲᠤᠭ᠎ᠠ ᠶᠢᠨ ᠠᠯᠪᠠᠨ ᠭᠡᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ | ᠰᠢᠯᠢᠳᠡᠭᠵᠢᠭᠦᠯᠦᠨ ᠲᠣᠬᠢᠷᠠᠭᠤᠯᠵᠤ᠂ ᠶᠡᠭᠡ ᠳᠡᠬᠡᠳᠤ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠵᠦᠢᠯ ᠤᠨ ᠠᠷᠭ᠎ᠠ ᠪᠠᠷ ᠪᠠᠭᠰᠢ ᠶᠢᠨ ᠤᠷᠤᠨ | ᠳᠤᠭ᠎ᠠ ᠶᠢᠨ ᠪᠠᠳᠤᠯᠠᠭ᠎ᠠ ᠶᠢ ᠴᠢᠩᠭᠠᠳᠬᠠᠵᠤ ᠪᠠᠶᠢᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠰᠢᠯᠢᠳᠡᠭᠵᠢᠭᠦᠯᠦᠨ | ᠲᠣᠬᠢᠷᠠᠭᠤᠯᠬᠤ ᠲᠠᠯ᠎ᠠ ᠪᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠠᠮᠢᠶᠠᠷᠤᠯᠲᠠ ᠶᠢᠨ ᠠᠷᠭ᠎ᠠ︾ ᠳᠤ ︽ᠠᠩᠭᠢ ᠪᠠ ᠪᠠᠭᠰᠢ ᠶᠢᠨ ᠬᠠᠷᠢᠴᠠᠯ︾᠂ ︽ᠰᠣᠷᠣᠭᠴᠢ ᠪᠠ ᠪᠠᠭᠰᠢ ᠶᠢᠨ | ᠬᠠᠷᠢᠴᠠᠯ︾ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠠᠭᠰᠢ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ | ᠂ ᠠᠳᠠᠯᠢ ᠪᠤᠰᠤ ᠭᠠᠵᠠᠷ ᠣᠷᠣᠨ᠂ ᠬᠤᠲᠠ ᠬᠥᠳᠡᠭᠡ᠂ ᠰᠤᠷᠭᠠᠭᠤᠯᠢ ᠵᠢᠴᠢ ᠰᠤᠷᠤᠯᠭ᠎ᠠ ᠶᠢᠨ ᠱᠠᠲᠤᠨ ᠤ | ᠬᠤᠭᠤᠷᠣᠨᠳᠣᠬᠢ ᠪᠠᠭᠰᠢ ᠠᠵᠢᠯᠲᠠᠨ ᠤ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠪᠠ᠃ ᠣᠷᠣᠨ | ᠲᠤᠭ᠎ᠠ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠠᠮᠢᠳᠤᠯᠢᠭ ᠪᠤᠯᠭᠠᠵᠤ᠂ ᠡᠯ᠎ᠡ ᠭᠠᠵᠠᠷ ᠤᠨ ᠰᠣᠷᠣᠭᠴᠢ ᠶᠢᠨ | ᠢᠷᠡᠯᠲᠡ ᠶᠢᠨ ᠰᠢᠯᠵᠢᠯᠲᠡ ᠶᠢᠨ ᠪᠠᠶᠢᠳᠠᠯ ᠢ ᠦᠨᠳᠦᠰᠦᠯᠡᠨ᠂ ᠡᠯ᠎ᠡ ᠠᠶᠢᠮᠠᠭ ᠬᠤᠲᠠ ᠳᠤ 26.9 ᠲᠦᠮᠡᠨ ᠣᠷᠣᠨ | ᠲᠤᠭ᠎ᠠ ᠶᠢ ᠬᠢᠨᠠᠨ ᠲᠣᠭᠲᠠᠭᠠᠪᠠ᠃ ᠡᠯ᠎ᠡ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠨ | ᠣᠷᠣᠨ ᠲᠤᠭ᠎ᠠ ᠶᠢ ᠪᠥᠬᠦ ᠲᠠᠯ᠎ᠠ ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠵᠣᠬᠢᠬᠤ ᠬᠠᠷᠢᠴᠠᠯ ᠤᠨ ᠨᠡᠮᠡᠯᠲᠡ ᠣᠷᠣᠨ | ᠲᠤᠭ᠎ᠠ ᠶᠢ ᠳᠠᠬᠢᠨ ᠬᠢᠨᠠᠨ ᠲᠣᠭᠲᠠᠭᠠᠵᠤ ᠪᠠᠭᠰᠢ ᠶᠢ ᠳᠠᠪᠲᠠᠨ ᠪᠣᠯᠪᠠᠰᠤᠷᠠᠭᠤᠯᠬᠤ᠂ ᠰᠤᠷᠭᠠᠨ ᠬᠥᠮᠦᠵᠢᠯ ᠢ ᠳᠡᠮᠵᠢᠬᠦ | ᠵᠡᠷᠭᠡ ᠣᠷᠣᠨ ᠲᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠬᠡᠷᠡᠭᠯᠡᠵᠦ᠂ ᠰᠠᠭᠤᠷᠢ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠨᠳᠦᠰᠦᠨ ᠬᠡᠷᠡᠭᠴᠡᠭᠡ ᠶᠢ ᠭᠦᠢᠴᠡᠳ ᠪᠠᠲᠤᠯᠠᠪᠠ᠃ ᠣᠷᠣᠨ ᠲᠣᠭᠠᠨ ᠤ ᠡᠬᠢ | ᠪᠠᠶᠠᠯᠢᠭ ᠤᠨ ᠡᠷᠭᠢᠯᠲᠡ ᠶᠢᠨ ᠲᠣᠭᠲᠠᠴᠠ ᠶᠢ ᠬᠡᠷᠡᠭᠵᠢᠬᠦᠯᠵᠦ᠂ ᠥᠪᠡᠷᠲᠡᠭᠡᠨ ᠵᠠᠰᠠᠬᠤ ᠣᠷᠣᠨ ᠠᠴᠠ 2016 ᠣᠨ᠂ | 2019 ᠣᠨ ᠪᠠ 2022 ᠣᠨ ᠳᠤ ᠭᠤᠷᠪᠠᠨ ᠤᠳᠠᠭ᠎ᠠ ᠶᠡᠷᠦᠩᠬᠡᠢ ᠬᠡᠮᠵᠢᠶᠡᠨ ᠤ ᠳᠣᠲᠣᠷ᠎ᠠ 1.37 ᠲᠦᠮᠡᠨ | ᠪᠠᠭᠰᠢ ᠶᠢᠨ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠤ | ᠪᠠᠭᠰᠢ ᠶᠢᠨ ᠣᠷᠣᠨ ᠲᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠶᠢᠳᠪᠦᠷᠢᠯᠡᠪᠡ᠃ ︽ | ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠤᠯᠪᠣᠭᠳᠠᠯ | ᠪᠦᠬᠦᠢ ᠠᠵᠢᠯ ᠢ ᠠᠬᠢᠭᠤᠯᠵᠤ᠂ ᠪᠥᠬᠦ ᠣᠷᠣᠨ ᠳᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠵᠤ ᠬᠡᠷᠡᠭᠯᠡᠬᠦ | ᠬᠤᠭᠤᠰᠤᠨ ᠣᠷᠣᠨ ᠲᠤᠭ᠎ᠠ ᠶᠢᠨ ᠲᠥᠯᠥᠪᠯᠡᠭᠡ ᠶᠢᠨ ᠬᠢᠨᠠᠨ ᠵᠥᠪᠰᠢᠶᠡᠷᠡᠬᠦ ᠡᠷᠬᠡ ᠶᠢ ᠡᠯ᠎ᠡ ᠠᠶᠢᠮᠠᠭ ᠬᠤᠲᠠ ᠳᠤ | ᠪᠠᠭᠤᠯᠭᠠᠵᠤ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠶᠡᠷᠦᠩᠬᠡᠢ ᠬᠡᠮᠵᠢᠶᠡᠨ ᠤ ᠳᠣᠲᠣᠷ᠎ᠠ | ᠲᠣᠰ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠪᠡᠶ᠎ᠡ ᠪᠠᠨ | ᠳᠠᠭᠠᠭᠠᠨ ᠲᠣᠬᠢᠷᠠᠭᠤᠯᠤᠨ ᠬᠡᠷᠡᠭᠯᠡᠵᠦ᠂ ᠬᠤᠲᠠ ᠬᠥᠳᠡᠭᠡ ᠶᠢᠨ ᠨᠢᠭᠡ ᠴᠣᠭᠴᠠᠵᠢᠭᠤᠯᠤᠭᠰᠠᠨ ᠰᠤᠷᠭᠠᠭᠤᠯᠢ ᠡᠷᠭᠢᠯᠡᠬᠦ | ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ᠃ | ᠶᠡᠭᠡ ᠳᠡᠬᠡᠳᠤ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠣᠭᠠᠨ ᠤ ᠬᠠᠮᠢᠶᠠᠷᠤᠯᠲᠠ ᠶᠢ ᠠᠬᠢᠭᠤᠯᠬᠤ | ᠲᠠᠯ᠎ᠠ ᠪᠠᠷ᠂ ᠪᠠᠷᠢᠮᠵᠢᠶ᠎ᠠ ᠶᠣᠰᠣᠭᠠᠷ ᠶᠡᠭᠡ ᠳᠡᠬᠡᠳᠤ ᠰᠤᠷᠭᠠᠭᠤᠯᠢ ᠶᠢᠨ ᠠᠵᠢᠯᠲᠠᠨ ᠤ ᠶᠡᠷᠦᠩᠬᠡᠢ ᠲᠤᠭ᠎ᠠ ᠶᠢ ᠬᠢᠨᠠᠨ | ᠳᠤᠭᠳᠠᠭᠠᠪᠠ᠃ ᠲᠡᠷᠢᠭᠦᠨ ᠵᠡᠷᠬᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢᠨ | ᠠᠵᠢᠯᠲᠠᠨ ᠤ ᠶᠡᠷᠦᠩᠬᠡᠢ ᠬᠡᠮᠵᠢᠶ᠎ᠡ ᠶᠢ ᠬᠢᠨᠠᠨ ᠵᠦᠪᠰᠢᠶᠡᠷᠡᠬᠦ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠦᠵᠡᠭᠦᠯᠵᠦ᠂ ︽ᠰᠣᠷᠣᠭᠴᠢ ᠪᠠ ᠪᠠᠭᠰᠢ ᠶᠢᠨ ᠬᠠᠷᠢᠴᠠᠯ︾ ᠢᠶᠠᠷ ᠲᠤᠰᠬᠠᠢ ᠪᠠᠭᠰᠢ ᠶᠢᠨ ᠶᠡᠷᠦᠩᠬᠡᠢ ᠬᠡᠮᠵᠢᠶ᠎ᠡ ᠶᠢ | ᠬᠢᠨᠠᠨ ᠲᠣᠭᠲᠠᠭᠠᠪᠠ᠃ ︽ᠣᠷᠣᠨ ᠲᠤᠭ᠎ᠠ + ᠡᠵᠡᠮᠳᠡᠬᠦ ᠲᠤᠭ᠎ᠠ︾ ᠶᠢᠨ ᠠᠵᠢᠯᠲᠠᠨ ᠤ ᠶᠡᠷᠦᠩᠬᠡᠢ ᠬᠡᠮᠵᠢᠶ᠎ᠡ ᠶᠢᠨ | ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 14 | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠶᠡᠭᠡ ᠳᠡᠬᠡᠳᠤ ᠰᠤᠷᠭᠠᠭᠤᠯᠢ ᠶᠢᠨ ᠠᠵᠢᠯᠲᠠᠨ ᠤ ᠶᠡᠷᠦᠩᠬᠡᠢ | ᠬᠡᠮᠵᠢᠶ᠎ᠡ ᠶᠢ 2 ᠲᠦᠮᠡ ᠭᠠᠷᠤᠢ ᠬᠢᠨᠠᠨ ᠲᠣᠭᠲᠠᠭᠠᠪᠠ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ | ᠣᠷᠣᠨ ᠲᠤᠭ᠎ᠠ ᠶᠢᠨ ᠠᠯᠪᠠᠨ ᠭᠡᠷ ᠠᠴᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 9 | ᠠᠶᠢᠮᠠᠭ ᠬᠤᠲᠠ ᠳᠤ ᠬᠠᠷᠢᠶᠠᠯᠠᠭᠳᠠᠬᠤ ᠳᠡᠭᠡᠳᠦ ᠵᠡᠷᠭᠡ ᠶᠢᠨ ᠰᠤᠷᠭᠠᠭᠤᠯᠢ ᠳᠤ 6000 ᠭᠠᠷᠤᠢ ᠠᠵᠢᠯᠲᠠᠨ ᠤ | ᠶᠡᠷᠦᠩᠬᠡᠢ ᠲᠤᠭ᠎ᠠ ᠶᠢ ᠬᠢᠨᠠᠨ ᠲᠣᠭᠲᠠᠭᠠᠪᠠ᠃ ᠡᠬᠦᠨ ᠠᠴᠠ ᠭᠠᠳᠠᠨ᠎ᠠ ᠪᠠᠰᠠ᠂ ᠳᠡᠬᠡᠳᠤ ᠳᠡᠰ ᠤᠨ ᠴᠢᠳᠠᠪᠤᠷᠢᠳᠠᠨ ᠤ | ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ 2016 ᠣᠨ ᠳᠤ 600 ᠪᠠᠶᠢᠭᠰᠠᠨ ᠠᠴᠠ 2000 | ᠪᠣᠯᠭᠠᠨ ᠨᠡᠮᠡᠭᠳᠡᠭᠦᠯᠵᠦ᠂ ᠰᠤᠷᠭᠠᠨ ᠬᠥᠮᠦᠵᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠴᠡᠭᠡ ᠶᠢ ᠪᠠᠳᠤᠯᠠᠪᠠ᠃ ᠡᠨᠡ ᠵᠢᠯ᠂ ᠥᠪᠥᠷ | ᠮᠣᠩᠭᠤᠯ ᠤᠨ ᠶᠡᠭᠡ ᠰᠤᠷᠭᠠᠭᠤᠯᠢ ᠵᠡᠷᠭᠡ 12 ᠶᠡᠭᠡ ᠳᠡᠭᠡᠳᠦ ᠰᠤᠷᠭᠠᠭᠤᠯᠢ 300 ᠭᠠᠷᠤᠢ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠷᠣᠨ ᠲᠤᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ |