ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠤᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/23
     ᠳᠤᠮᠳᠠᠳᠤ ᠶᠢᠨ ᠦᠨᠳᠦᠰᠦᠲᠡᠨ ᠤ ᠰᠢᠯᠢᠳᠡᠭ ᠭᠡᠷ ᠤᠨ ᠰᠤᠷᠲᠠᠯ ᠭᠡᠷ ᠤᠨ ᠪᠣᠯᠪᠠᠰᠤᠷᠠᠯ ᠤᠨ ᠰᠣᠶᠣᠯ ᠢ ᠭᠦᠨᠵᠡᠭᠡᠢ ᠠᠭᠤᠳᠠᠯᠤᠨ ᠤᠯᠠᠮᠵᠢᠯᠠᠵᠤ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠵᠠᠩ ᠮᠣᠷᠠᠯ ᠪᠠ ᠦᠷᠳᠡᠭ ᠤᠨ ᠦᠵᠡᠯᠲᠡ ᠶᠢ ᠪᠤᠢ ᠪᠤᠯᠭᠠᠬᠤ ᠶᠢᠨ ᠲᠥᠯᠥᠭᠡ ᠣᠶᠢᠷ᠎ᠠ ᠳᠤ᠂ ᠵᠠᠯᠠᠶᠢᠳ ᠬᠤᠰᠢᠭᠤᠨ ᠤ ᠢᠨᠳᠡᠷ  ᠪᠠᠯᠭᠠᠰᠤᠨ ᠤ ᠯᠢᠶᠠᠨ ᠾᠧ ᠲᠣᠰᠬᠤᠨ ︽ᠰᠠᠶᠢᠨ ᠭᠡᠷ ᠤᠨ ᠰᠤᠷᠲᠠᠯ ᠢ ᠪᠠᠳᠠᠷᠠᠭᠤᠯᠵᠤ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ᠲᠤᠰ ᠠᠵᠢᠯᠯᠠᠭ᠎ᠠ ᠳᠤ ᠲᠤᠰᠬᠠᠶ ᠮᠡᠷᠭᠡᠵᠢᠯᠲᠡᠨ ᠪᠠᠭᠰᠢ ᠶᠢ ᠤᠷᠢᠵᠤ᠂ ᠠᠵᠢᠯᠯᠠᠭ᠎ᠠ ᠳᠤ ᠤᠷᠤᠯᠴᠠᠭᠰᠠᠳ ᠲᠤ ᠠᠮᠢᠳᠤᠷᠠᠯ ᠲᠠᠢ ᠤᠢᠢᠷᠠᠳᠤᠭᠰᠠᠨ ᠦᠭᠡ ᠬᠡᠯᠡ ᠪᠠᠷ ᠭᠡᠷ ᠤᠨ ᠰᠤᠷᠲᠠᠯ ᠭᠡᠷ ᠤᠨ ᠪᠣᠯᠪᠠᠰᠤᠷᠠᠯ ᠤᠨ ᠠᠭᠤᠯᠤᠭᠳᠠᠬᠤᠨ ᠵᠢᠴᠢ ᠰᠠᠶᠢᠨ ᠰᠠᠶᠢᠬᠠᠨ ᠭᠡᠷ ᠤᠨ ᠰᠤᠷᠲᠠᠯ ᠤᠨ ᠬᠤᠪᠢ ᠬᠥᠮᠦᠨ ᠤ ᠦᠰᠦᠨ ᠪᠤᠶᠢᠵᠢᠯᠲᠠ ᠪᠣᠯᠤᠨ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠴᠢᠬᠤᠯᠠ ᠦᠢᠯᠡᠳᠦᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠤᠮᠵᠢ ᠬᠢᠵᠡᠢ᠃ ᠪᠠᠰᠠ ᠤᠯᠠᠨ ᠢ ᠲᠠᠶᠢᠴᠢᠯᠠᠨ ᠵᠢᠯᠣᠭᠤᠳᠴᠤ ᠪᠠᠶᠢᠭᠠᠳ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠥᠷᠰᠢ ᠵᠡᠷᠭᠡᠯᠡᠳᠡᠭᠡ ᠲᠠᠢ ᠪᠠᠨ ᠡᠶ᠎ᠡ ᠵᠣᠬᠢᠴᠠᠩᠭᠤᠢ ᠶᠠᠪᠤᠯᠴᠠᠬᠤ ᠵᠡᠷᠭᠡ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠬᠤ ᠶᠢ ᠰᠠᠨᠠᠭᠠᠴᠢᠯᠠᠵᠠᠢ᠃     ᠳᠠᠷᠠᠭ᠎ᠠ ᠨᠢ ᠲᠣᠰᠬᠤᠨ ᠤ ᠰᠠᠶᠢᠨ ᠭᠡᠷ ᠤᠨ ᠰᠤᠷᠲᠠᠯ ᠤᠨ ᠲᠥᠯᠥᠭᠡᠯᠡᠭᠴᠢ ᠣᠯᠠᠨ ᠳᠤ ᠲᠡᠭᠦᠨ ᠤ ᠭᠡᠷ ᠪᠦᠯᠢ ᠶᠢᠨ ᠦᠯᠢᠭᠡᠷ ᠢᠶᠠᠨ ᠶᠠᠷᠢᠵᠤ ᠦᠭᠬᠦ ᠶᠢᠨ ᠬᠠᠮᠳᠣ ᠡᠷ᠎ᠡ ᠡᠮ᠎ᠡ ᠬᠤᠶᠠᠭᠤᠯᠠ ᠪᠠᠨ ᠡᠶ᠎ᠡ ᠡᠪᠲᠡᠢ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠭᠡᠷ ᠪᠦᠯᠢ ᠶᠢᠨ ᠪᠣᠯᠪᠠᠰᠤᠨ ᠤ ᠣᠶᠢᠯᠠᠭᠠᠭᠳᠠᠬᠤᠨ ᠢ ᠢᠳᠡᠪᠬᠢᠲᠡᠢ ᠰᠠᠨᠠᠭᠠᠴᠢᠯᠠᠵᠤ᠂ ᠤᠯᠠᠨ ᠢᠶᠠᠷ ᠢᠶᠠᠨ ᠰᠢᠯᠢᠳᠡᠭ ᠭᠡᠷ ᠤᠨ ᠰᠤᠷᠲᠠᠯ ᠢᠶᠠᠨ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ  ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠡᠷ ᠪᠦᠯᠢ ᠶᠢᠨ ᠰᠠᠶᠢᠬᠠᠨ ᠰᠤᠷᠲᠠᠯ ᠢ ᠦᠢᠯᠡᠳᠦᠯᠭᠡᠵᠢᠭᠦᠯᠵᠦ᠂ ᠪᠣᠯᠪᠠᠰᠤᠨ ᠭᠡᠷ ᠪᠦᠯᠢ ᠶᠢᠨ ᠦᠯᠢᠭᠡᠷ ᠳᠠᠭᠤᠷᠢᠶᠠᠯ ᠪᠣᠯᠬᠤ ᠶᠢ ᠵᠣᠷᠢᠭᠵᠢᠭᠤᠯᠪᠠ᠃      ᠢᠨᠳᠡᠷ ᠪᠠᠯᠭᠠᠰᠤ ᠲᠣᠰ ᠤᠳᠠᠭᠠᠨ ᠤ ᠠᠵᠢᠯᠯᠠᠭ᠎ᠠ  ᠪᠠᠷ ᠲᠠᠮᠵᠢᠨ ᠬᠠᠷᠢᠶ᠎ᠠ ᠣᠷᠣᠨ ᠤ ᠣᠯᠠᠨ ᠲᠦᠮᠡᠨ ᠢ  ᠰᠠᠶᠢᠨ ᠬᠡᠷ ᠤᠨ ᠰᠤᠷᠲᠠᠯ ᠤᠨ ᠤᠬᠠᠮᠰᠠᠷ ᠢ  ᠲᠡᠭᠡᠭᠰᠢᠯᠡᠭᠦᠯᠵᠤ᠂ ᠪᠣᠯᠪᠠᠰᠤᠨ ᠡᠶ᠎ᠡ ᠵᠣᠬᠢᠴᠠᠩᠭᠤᠶ ᠠᠭᠤᠷ ᠠᠮᠢᠰᠬᠤᠯ ᠢ ᠪᠤᠢ ᠪᠤᠯᠭᠠᠪᠠ᠃ ᠲᠠᠷᠠᠭᠠᠴᠢ ᠪᠠᠷ ᠲᠤᠰ ᠪᠠᠯᠭᠠᠰᠤ ᠣᠯᠠᠨ ᠶᠠᠩᠵᠤ ᠶᠢᠨ ᠬᠡᠯᠪᠡᠷᠢ ᠂ ᠪᠠᠶᠠᠯᠢᠭ ᠠᠭᠤᠯᠭ᠎ᠠ ᠪᠦᠬᠦᠢ ᠭᠡᠷ ᠤᠨ ᠰᠤᠷᠲᠠᠯ ᠭᠡᠷ ᠤᠨ ᠰᠤᠷᠭᠠᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠠᠵᠢᠯᠯᠠᠭ᠎ᠠ ᠳᠤ ᠢᠳᠡᠪᠬᠢᠳᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠰᠠᠶᠢᠨ ᠭᠡᠷ ᠤᠨ ᠰᠤᠷᠲᠠᠯ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ ᠨᠡᠩ ᠰᠠᠶᠢᠨ ᠰᠠᠶᠢᠬᠠᠨ ᠨᠡᠶᠢᠭᠡᠮ ᠢ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃
 
ᠢᠷᠡᠯᠲᠡ᠄ ᠢᠨᠳᠡᠷ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号