2025 ᠣᠨ ᠳᠤ ᠮᠠᠨ ᠤ ᠣᠷᠣᠨ ᠤ ᠠᠵᠢᠯ ᠦᠢᠯᠡᠰ ᠤᠨ ᠨᠢᠭᠡᠴᠢ 14840 ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2024/9/23
     ︽ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾᠂ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠬᠡᠷᠡᠭᠯᠡᠬᠦ ᠲᠦᠷ ᠬᠡᠷᠡᠭᠵᠢᠭᠦᠯᠬᠦ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠬᠡᠷᠡᠭᠯᠡᠬᠦ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ 2025 ᠣᠨ ᠤ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠡᠬᠢᠯᠡᠪᠡ᠃      2025 ᠣᠨ ᠳᠤ ᠪᠥᠬᠦ ᠣᠷᠣᠨ ᠤ ᠬᠡᠪᠴᠢᠶᠡᠨ ᠳᠤ ᠨᠡᠶᠢᠭᠡᠮ ᠨᠡᠶᠢᠲᠡ ᠠᠴᠠ ᠢᠯᠡ ᠪᠠᠷ 14840 ᠠᠵᠢᠯᠲᠠᠨ ᠤᠷᠢᠨ ᠬᠡᠷᠡᠭᠯᠡᠨ᠎ᠠ᠃ ᠡᠭᠦᠨ ᠳᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯᠲᠠᠨ ᠢ ᠮᠢᠩᠭ᠎ᠠ ᠰᠢᠬᠠᠮ ᠡᠯᠰᠡᠨ ᠬᠡᠷᠡᠭᠯᠡᠬᠦ ᠪᠥᠭᠡᠳ ᠬᠠᠮᠤᠭ ᠤᠨ ᠳᠣᠤᠷ᠎ᠠ ᠦᠢᠯᠡᠴᠢᠯᠡᠭᠡᠨ ᠤ ᠬᠤᠭᠤᠴᠠᠭ᠎ᠠ ᠶᠢ 5 ᠵᠢᠯ ᠢᠶᠠᠷ ᠲᠣᠭᠲᠠᠭᠠᠵᠠᠶ᠃ ᠪᠣᠳᠠᠲᠠᠶ ᠠᠵᠢᠯ ᠤᠨ ᠪᠠᠶᠢᠷᠢ᠂ ᠨᠥᠬᠦᠴᠡᠯ ᠵᠡᠷᠭᠡ ᠶᠢ ᠳᠠᠭᠠᠯᠳᠤᠭᠤᠯᠤᠯ 1 — ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾᠂ ᠳᠠᠭᠠᠯᠳᠤᠭᠤᠯᠤᠯ 2 — ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠱᠠᠲᠤᠨ ᠤ ᠮᠢᠩᠭᠠᠨ ᠬᠥᠮᠦᠨ ᠢ ᠢᠯᠡ ᠪᠠᠷ ᠤᠷᠢᠵᠤ ᠡᠯᠰᠡᠬᠦ ᠲᠥᠯᠥᠪᠯᠡᠭᠡ ᠶᠢᠨ ᠠᠵᠢᠯ ᠤᠨ ᠪᠠᠶᠢᠷᠢ ᠶᠢᠨ ᠬᠦᠰᠦᠨᠦᠭᠲᠦ︾ ᠪᠠ ᠳᠠᠭᠠᠯᠳᠤᠭᠤᠯᠤᠯ 3 — ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠵᠤ ᠡᠯᠰᠡᠬᠦ ᠳᠡᠭᠡᠳᠦ ᠲᠠᠰ ᠳᠠᠪᠬᠤᠷᠭ᠎ᠠ ᠶᠢᠨ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠨᠠᠷᠢᠨ ᠦᠵᠡᠭᠡᠷᠡᠢ᠃ ᠬᠡᠰᠡᠭ ᠠᠵᠢᠯ ᠦᠢᠯᠡᠰ ᠤᠨ ᠨᠢᠭᠡᠴᠢ ᠲᠣᠭᠲᠠᠭᠠᠯ ᠶᠣᠰᠣᠭᠠᠷ ᠡᠵᠡᠨ ᠮᠡᠳᠡᠵᠦ ᠢᠯᠡ ᠪᠠᠷ ᠤᠷᠢᠬᠤ ᠶᠢ ᠬᠡᠷᠡᠭᠵᠢᠭᠦᠯᠦᠭᠰᠡᠨ ᠪᠠᠶᠢᠪᠠᠯ᠂ ᠤᠷᠢᠬᠤ ᠠᠯᠪᠠᠨ ᠵᠠᠷᠯᠠᠯ ᠢ ᠡᠯ᠎ᠡ ᠱᠠᠲᠤᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠵᠢᠴᠢ ᠣᠷᠣᠨ ᠨᠤᠲᠤᠭ ᠪᠤᠶᠤ ᠤᠷᠢᠬᠤ ᠨᠢᠭᠡᠴᠢ ᠶᠢᠨ ᠠᠯᠪᠠᠨ ᠰᠦᠯᠵᠢᠶ᠎ᠡ ᠳᠡᠭᠡᠷ᠎ᠡ ᠨᠡᠶᠢᠲᠡᠯᠡᠨ᠎ᠡ᠂ ᠴᠠᠭ ᠲᠤᠬᠠᠶ ᠳᠤᠨᠢ ᠠᠩᠬᠠᠷᠤᠭᠠᠷᠠᠶ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号