ᠬᠢᠶᠠᠭ ᠡᠪᠡᠰᠤᠨ ᠤ ᠦᠢᠯᠡᠰ ᠢᠶᠠᠷ ᠠᠷᠠᠳ ᠤᠯᠠᠨ ᠢᠶᠠᠨ ᠪᠠᠶᠠᠵᠢᠭᠤᠯᠵᠤ ᠪᠠᠶᠢᠭ᠎ᠠ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2024/9/24
    ᠵᠠᠯᠠᠶᠢᠳ ᠬᠤᠰᠢᠭᠤ ︽ᠨᠤᠳᠤᠭ ᠪᠡᠯᠴᠢᠭᠡᠷ ᠤᠨ ᠠᠵᠤ ᠠᠬᠤᠢ︾ ᠶᠢ ᠢᠳᠡᠪᠬᠢᠳᠠᠢ ᠰᠦᠪᠡᠭᠴᠢᠯᠠᠨ ᠠᠭᠤᠳᠠᠯᠯᠠᠵᠤ᠂ ︽ᠲᠠᠯ᠎ᠠ ᠨᠤᠳᠤᠭ ᠤᠨ ᠠᠮᠢ ᠠᠬᠤᠢ︾ ᠶᠢ ᠬᠠᠮᠠᠭᠠᠯᠠᠨ᠂ ᠨᠤᠳᠤᠭ ᠪᠡᠯᠴᠢᠭᠡᠷ ᠢ ᠰᠠᠶᠢᠳᠤᠷ ᠬᠠᠮᠠᠭᠠᠯᠠᠨ ᠪᠦᠳᠤᠮᠵᠢᠳᠠᠢ ᠠᠰᠢᠭᠯᠠᠵᠤ᠂ ᠲᠤᠰ ᠬᠤᠰᠢᠭᠤᠨ ᠤ ᠬᠦᠷᠡᠯ ᠪᠠᠯᠭᠠᠰᠤᠨ ᠤ ᠬᠤᠳᠠᠳᠠᠢ ᠭᠠᠴᠠᠭᠠᠨ ᠤ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠭᠤᠤᠯᠯᠠᠭᠴᠢ ᠵᠢᠱᠢᠶ᠎ᠡ ᠦᠵᠡᠬᠦᠯᠬᠦ ᠤᠷᠤᠨ ᠲᠤᠭᠤᠷᠢᠭ ᠤᠨ ᠬᠢᠶᠠᠭ ᠡᠪᠡᠰᠤ ᠡᠯᠪᠡᠭ ᠬᠤᠷᠢᠶᠠᠯᠳᠠ ᠤᠯᠤᠯ᠎ᠠ᠃     ︽ᠡ᠊ᠨᠠ ᠵᠢᠯ 1000 ᠭᠠᠷᠤᠢ ᠮᠤ᠋ ᠬᠢᠶᠠᠭ ᠡᠪᠡᠰᠤ ᠲᠠᠷᠢᠪᠠ᠃ ᠨᠢᠳᠤᠨᠤᠨ ᠵᠢᠯ ᠮᠤ᠋ ᠪᠦᠷᠢ ᠠᠴᠠ 100 ᠺᠢᠯᠥᠭᠷᠠᠮ ᠡᠪᠡᠰᠤ ᠬᠤᠷᠢᠶᠠᠵᠤ᠂ ᠡ᠊ᠨᠠ ᠵᠢᠯ ᠤᠨ ᠡᠪᠡᠰᠤ ᠪᠠᠨ ᠰᠠᠶ᠋ᠢ ᠬᠠᠳᠤᠵᠤ ᠲᠠᠭᠤᠰᠬᠠᠨ ᠪᠤᠭᠤᠳᠠᠯᠯᠠᠬᠤ ᠪᠠᠷ ᠪᠡᠯᠡᠳᠭᠡᠵᠤ ᠪᠤᠢ︾ ᠭᠡᠵᠤ ᠵᠠᠯᠠᠶᠢᠳ ᠬᠤᠰᠢᠭᠤᠨ ᠤ ᠡᠪᠡᠰᠤ ᠪᠡᠯᠴᠢᠭᠡᠷ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠭᠤᠥᠯᠯᠠᠭᠴᠢ ᠵᠢᠱᠢᠶ᠎ᠠ ᠦᠵᠡᠬᠦᠯᠬᠦ ᠤᠷᠤᠨ ᠲᠤᠭᠤᠷᠢᠭ ᠤᠨ ᠨᠤᠳᠤᠭ ᠪᠡᠯᠴᠢᠭᠡᠷ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠳᠠᠨ ᠴᠧᠨ ᠬᠦᠢ ᠵᠧᠨ ᠲᠠᠨᠢᠯᠴᠠᠭᠤᠯᠤᠨ᠎ᠠ᠃     ᠲᠤᠰ ᠤᠷᠤᠨ ᠲᠤᠭᠤᠷᠢᠭ ᠤᠨ ᠬᠢᠶᠠᠭ ᠡᠪᠡᠰᠤ ᠲᠠᠷᠢᠵᠤ ᠤᠷᠭᠤᠭᠤᠯᠤᠭᠰᠠᠨ ᠲᠠᠯᠠᠪᠠᠢ 1 ᠲᠦᠮᠡᠨ ᠮᠤ᠋ ᠳᠤ ᠲᠤᠯᠵᠤ᠂ ᠲᠠᠷᠢᠵᠤ ᠤᠷᠭᠤᠭᠤᠯᠤᠭᠰᠠᠨ ᠲᠦᠷᠤᠯ ᠵᠦᠢᠯ ᠨᠢ ᠵᠦᠩ ᠺᠧ ᠬᠢᠶᠠᠭ ᠡᠪᠡᠰᠤ ᠪᠠᠶᠢᠵᠤ᠂ ᠰᠢᠮ᠎ᠠ ᠲᠡᠵᠢᠭᠡᠯ ᠡᠯᠪᠡᠭ᠂ ᠬᠠᠭᠤᠷᠠᠢ᠂ ᠬᠦᠢᠳᠡᠨ ᠳᠤ ᠲᠡᠰᠪᠤᠷᠢᠳᠠᠢ᠂ ᠬᠦᠨᠳᠡᠯᠡᠨ ᠢᠶᠠᠷ ᠤᠷᠭᠤᠬᠤ ᠦᠨᠳᠤᠰᠤ ᠡᠰᠢ ᠨᠢ ᠭᠠᠵᠠᠷ ᠤᠷᠤᠨ ᠤ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠪᠠ ᠮᠠᠯ ᠠᠵᠤ ᠠᠬᠤᠢ ᠶᠢᠨ ᠬᠦᠭᠵᠢᠯᠳᠠ ᠶᠢ ᠠᠬᠢᠭᠤᠯᠬᠤ ᠤᠬᠢ ᠰᠢᠯᠢᠳᠡᠭ ᠡᠪᠡᠰᠦᠨ ᠤ ᠲᠦᠷᠤᠯ ᠵᠦᠢᠯ ᠪᠤᠯᠵᠠᠢ᠃ ᠬᠢᠶᠠᠭ ᠡᠪᠡᠰᠤ ᠶᠢ ᠲᠠᠷᠢᠵᠤ ᠤᠷᠭᠤᠭᠤᠯᠤᠨ ᠬᠠᠮᠢᠶᠠᠷᠬᠤ ᠶᠠᠪᠤᠴᠠ ᠳᠤ ᠬᠦᠳᠡᠯᠮᠦᠷᠢ ᠬᠦᠴᠦᠨ ᠭᠡᠷᠡᠭᠰᠡᠬᠦ ᠦᠬᠡᠢ᠂ ᠠᠭᠤᠷ ᠠᠮᠢᠰᠬᠤᠯ᠂ ᠡᠪᠡᠳᠴᠢᠨ ᠬᠤᠷᠤᠬᠠᠢ ᠶᠢ ᠰᠡᠷᠡᠮᠵᠢᠯᠡᠬᠦᠯᠬᠦ ᠵᠡᠷᠭᠡ ᠲᠠᠷᠢᠬᠦᠨ ᠤ ᠮᠡᠷᠭᠡᠵᠢᠯ ᠢ ᠠᠰᠢᠭᠯᠠᠵᠤ᠂ ᠬᠢᠶᠠᠭ ᠡᠪᠡᠰᠤᠨ ᠤ ᠤᠨᠠᠯᠳᠠ ᠶᠢ ᠶᠠᠬᠡᠪᠠᠷ ᠲᠡᠭᠡᠭᠰᠢᠯᠡᠬᠦᠯᠪᠠ᠃      ᠬᠢᠶᠠᠭ ᠡᠪᠡᠰᠤ ᠡᠯᠪᠡᠭ ᠬᠤᠷᠢᠶᠠᠯᠳᠠ ᠤᠯᠤᠭᠰᠠᠨ ᠨᠢ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠡᠪᠡᠰᠤ ᠪᠡᠯᠴᠢᠭᠡᠷ ᠢᠶᠠᠷ ᠮᠠᠯ ᠤᠨᠤᠭ᠎ᠠ ᠪᠠᠨ ᠲᠤᠭᠳᠠᠪᠤᠷᠢᠵᠢᠭᠤᠯᠬᠤ᠂ ᠲᠡᠵᠢᠭᠡᠬᠦ᠂ ᠬᠤᠨᠢ ᠮᠠᠯ ᠤᠨ ᠢᠯᠭᠠᠳᠠᠰᠤ ᠶᠢ ᠲᠠᠷᠢᠶᠠᠨ ᠳᠤ ᠬᠡᠷᠡᠭᠯᠡᠬᠦ‍ ᠨᠢᠭᠡ ᠴᠤᠭᠴᠠᠵᠢᠭᠰᠠᠨ ᠠᠮᠢ ᠠᠬᠤᠢ ᠶᠢᠨ ᠡᠷᠬᠢᠯᠳᠡᠳᠤ ᠬᠡᠯᠪᠡᠷᠢ ᠳᠤ ᠴᠢᠬᠤᠯᠠ ᠲᠤᠯᠭᠠᠭᠤᠷᠢᠯᠠᠯ ᠬᠠᠩᠭᠠᠪᠠ᠃ ᠡᠬᠦᠨ ᠠᠴᠠ ᠭᠠᠳᠠᠨ᠎ᠠ᠂ ᠤᠶᠢᠷ᠎ᠠ ᠬᠠᠪᠢ ᠶᠢᠨ ᠬᠤᠨᠢ ᠮᠠᠯ ᠤᠨ ᠰᠢᠯᠢᠳᠡᠭ ᠡᠪᠡᠰᠤ ᠪᠤᠷᠳᠤᠭ᠎ᠠ ᠶᠢᠨ ᠱᠠᠭᠠᠷᠳᠠᠯᠭ᠎ᠠ ᠶᠢ ᠰᠶᠢᠳᠪᠤᠷᠢᠯᠡᠭᠰᠡᠨ ᠤ ᠬᠠᠮᠳᠤ ᠬᠢᠶᠠᠭ ᠡᠪᠡᠰᠤᠨ ᠤ ᠠᠵᠤ ᠦᠢᠯᠡᠰ ᠪᠠ  ᠮᠢᠬᠠᠨ ᠦᠬᠡᠷ ᠤᠨ ᠠᠵᠤ ᠦᠢᠯᠡᠰ ᠤᠨ ᠬᠦᠨᠵᠡᠭᠡᠢ ᠠᠭᠤᠰᠤᠯᠴᠠᠯ ᠢ ᠬᠦᠴᠤᠯᠠᠨ ᠠᠬᠢᠭᠤᠯᠵᠤ᠂ ᠨᠤᠳᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠳᠤ ᠬᠦᠴᠤᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号