ᠬᠠᠨ ᠢ ᠴᠢᠶᠠᠩ ᠲᠡᠮᠡᠭᠡᠴᠢ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/26
     9 ᠰᠠᠷ᠎ᠠ ᠶᠢᠨ 24 ᠤ ᠡᠳᠦᠷ᠂ ᠵᠠᠯᠠᠶᠢᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠲᠠᠰ ᠤᠨ ᠰᠤᠮᠤ ᠰᠢᠶᠠᠩ ᠢ ᠳᠠᠭᠠᠭᠠᠴᠢᠯᠠᠭᠰᠠᠨ ᠤᠳᠤᠷᠢᠳᠤᠯᠭ᠎ᠠ ᠬᠠᠨ ᠢ ᠴᠢᠶᠠᠩ ᠲᠡᠮᠡᠭᠡᠴᠢ ᠪᠠᠯᠭᠠᠰᠤᠨ ᠤ ᠺᠣᠤ ᠱᠠᠨ ᠭᠠᠴᠠᠭ᠎ᠠ ᠪᠠᠷ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠺᠣᠤ ᠱᠠᠨ ᠭᠠᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠱᠠᠭᠠᠷᠳᠠᠯᠭ᠎ᠠ ᠭᠠᠷᠭᠠᠪᠠ᠃ ᠺᠤᠤ ᠱᠠᠨ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠤ ᠺᠠᠳ᠋ᠷ ᠵᠢᠴᠢ ᠬᠡᠰᠡᠭ ᠨᠠᠮ ᠤᠨ ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠠᠨ ᠢ ᠴᠢᠶᠠᠩ ᠤᠬᠠᠭᠤᠯᠤᠨ ᠲᠠᠶᠢᠯᠪᠤᠷᠢᠯᠠᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠣᠨ᠎ᠠ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠪᠠᠶᠢᠷᠢᠯᠠᠭᠤᠯᠤᠯᠲᠠ ᠪᠠᠶᠢᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ  ᠬᠠᠩᠭᠠᠵᠠᠢ  ᠭᠡᠵᠤ ᠵᠢᠭᠠᠵᠤ ᠭᠠᠷᠭᠠᠪᠠ᠃      ᠬᠠᠨ ᠢ ᠴᠢᠶᠠᠩ᠂ ᠭᠠᠴᠠᠭ᠎ᠠ ᠶᠢᠨ ᠬᠢᠨ ᠳᠡᠭᠡᠳᠦ ᠳᠤᠤᠷᠠᠳᠤ ᠱᠠᠲᠤ ᠪᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ᠲᠣᠭᠲᠠᠭᠠᠯ᠂ ᠲᠣᠳᠣᠷᠬᠠᠶᠢᠯᠠᠯᠲᠠ ᠵᠡᠷᠭᠡ ᠶᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠤᠨ ᠡᠭᠦᠷᠭᠡ ᠶᠢ ᠪᠠᠲᠤ ᠰᠠᠬᠢᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠳᠠ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠭᠤᠣᠯᠳᠠᠯᠭ᠎ᠠ ᠲᠠᠢ ᠬᠥᠮᠦᠰ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠳᠠᠯᠳᠠ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠢ︔ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠠᠨ ᠲᠦᠮᠡᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠤᠨᠴᠠᠯᠢᠬᠳᠤ ᠲᠠᠷᠢᠮᠠᠯ ᠵᠡᠷᠭᠡ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ︔ ᠵᠣᠯ ᠵᠢᠷᠭᠠᠯ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠮ ᠢ ᠦᠷᠭᠦᠯᠵᠢᠯᠡᠨ ᠰᠠᠶᠢᠵᠢᠷᠠᠭᠤᠯᠵᠤ᠂ ᠵᠣᠷᠯᠣᠩ ᠤᠨ ᠬᠤᠪᠢᠰᠬᠠᠯ᠂ ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠡᠷᠭᠡᠪᠡᠷ ᠠᠬᠢᠭᠤᠯᠬᠤ ᠬᠡᠷᠡᠭᠲᠡᠶ︔ ᠡᠶ᠎ᠡ ᠨᠠᠶᠢᠷᠠᠮᠳᠠᠭᠤ ᠬᠥᠳᠡᠭᠡ ᠲᠣᠰᠬᠤᠨ ᠤ ᠰᠤᠷᠲᠠᠯ ᠢ ᠪᠤᠶᠢᠵᠢᠭᠤᠯᠵᠤ᠂ ᠤᠯᠠᠨ ᠲᠦᠮᠡᠨ ᠤ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢ ᠰᠠᠨᠠᠭᠠᠴᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠲᠡᠮᠡᠭᠡᠴᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号