ᠦᠢᠷ᠎ᠠ ᠳᠤ ᠬᠢᠩᠭᠠᠨ ᠠᠶᠢᠮᠠᠭ ᠵᠤᠷᠢᠭᠳᠠᠢ ᠰᠦᠪᠡᠭᠴᠢᠯᠡᠯᠳᠡ ᠬᠢᠵᠤ᠂ ᠤᠯᠠᠨ ᠲᠦᠮᠡᠨ ᠤ ᠠᠵᠤ ᠠᠬᠤᠢ ᠶᠢᠨ | ᠪᠦᠳᠤᠭᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠬᠤ ᠶᠢ ᠲᠠᠶᠢᠴᠢᠯᠠᠬᠤ ᠪᠠᠷ ᠲᠠᠮᠵᠢᠨ ᠬᠦᠳᠡᠭᠡ ᠲᠤᠰᠬᠤᠨ ᠢ | ᠬᠦᠭᠵᠢᠬᠦᠯᠤᠨ ᠮᠠᠨᠳᠤᠭᠤᠯᠬᠤ ᠲᠤᠮᠳᠠ ︽ᠮᠠᠯᠴᠢᠨ ᠲᠠᠷᠢᠶᠠᠴᠢᠳ ᠤᠷᠤᠯᠴᠠᠬᠤ ᠲᠤᠷ᠎ᠠ ᠦᠭᠡᠢ᠂ ᠤᠷᠤᠯᠴᠠᠵᠤ | ᠴᠢᠳᠠᠬᠤ ᠦᠭᠡᠢ︾ ᠬᠦᠴᠢᠷ ᠠᠰᠠᠭᠤᠳᠠᠯ ᠢ ᠰᠶᠢᠳᠪᠤᠷᠢᠯᠡᠵᠤ᠂ ︽ᠦᠪᠠᠷ ᠤᠨ ᠭᠡᠷ ᠤᠷᠤᠨ ᠢᠶᠠᠨ ᠦᠪᠠᠷ ᠢᠶᠠᠨ | ᠪᠠᠶᠢᠭᠤᠯᠬᠤ᠂ ᠦᠪᠠᠷ ᠤᠨ ᠬᠦᠭᠵᠢᠯᠳᠠ ᠪᠠᠨ ᠦᠪᠠᠷ ᠢᠶᠠᠨ ᠲᠦᠯᠤᠪᠯᠡᠬᠦ᠂ ᠦᠪᠠᠷ ᠤᠨ ᠲᠦᠬᠦᠭᠡᠷᠤᠮᠵᠢ ᠪᠠᠨ | ᠦᠪᠠᠷ ᠢᠶᠠᠨ ᠬᠠᠮᠢᠶᠠᠷᠬᠤ᠂ ᠦᠪᠠᠷ ᠤᠨ ᠬᠦᠷᠢᠶ᠎ᠠ ᠬᠠᠰᠢᠶ᠎ᠠ ᠪᠠᠨ ᠦᠪᠠᠷ ᠢᠶᠠᠨ ᠲᠠᠷᠢᠬᠤ᠂ ᠦᠪᠠᠷ ᠤᠨ ᠤᠷᠴᠢᠨ | ᠲᠤᠭᠤᠷᠢᠨ ᠢᠶᠠᠨ ᠦᠪᠠᠷ ᠢᠶᠠᠨ ᠬᠠᠮᠠᠭᠠᠯᠠᠬᠤ᠂ ᠦᠪᠠᠷ ᠤᠨ ᠤᠴᠢᠷ ᠢᠶᠠᠨ ᠦᠪᠠᠷ ᠢᠶᠠᠨ ᠵᠦᠪᠯᠡᠬᠦ︾ ᠬᠠᠮᠳᠤᠪᠠᠷ | ᠬᠦᠭᠵᠢᠬᠦᠯᠤᠨ ᠮᠠᠨᠳᠤᠭᠤᠯᠬᠤ ᠵᠠᠮ ᠢ ᠡᠷᠢᠯᠬᠢᠯᠡᠵᠤ᠂ ᠪᠤᠰᠤᠳ ᠭᠠᠵᠠᠷ ᠤᠷᠤᠨ ᠳᠤ ᠲᠤᠯᠢᠳᠠᠵᠤ ᠪᠤᠯᠬᠤ ᠲᠤᠷᠰᠢᠯᠭ᠎ᠠ | ᠬᠠᠩᠭᠠᠯ᠎ᠠ᠃ | ᠠᠵᠢᠯ ᠤᠯᠭᠤᠬᠤ ᠪᠠᠷ ᠲᠡᠳᠬᠦᠮᠵᠢ ᠶᠢ ᠤᠷᠤᠯᠠᠭᠤᠯᠬᠤ᠂ ᠱᠠᠩᠨᠠᠯ ᠢᠶᠠᠷ ᠨᠦᠬᠦᠪᠤᠷᠢ ᠶᠢ ᠤᠷᠤᠯᠠᠬᠤ᠂ ᠤᠷᠢᠳᠠᠪᠠᠷ | ᠪᠠᠶᠢᠭᠤᠯᠤᠨ ᠬᠤᠶᠢᠨ᠎ᠠ ᠨᠢ ᠨᠦᠬᠦᠪᠤᠷᠢᠯᠡᠬᠦ᠂ ᠬᠠᠮᠳᠤ ᠪᠠᠷ ᠡᠯᠡᠰᠤᠷᠬᠡᠭᠵᠢᠯ ᠢ ᠵᠠᠰᠠᠬᠤ ᠵᠡᠷᠭᠡ ᠪᠠᠷ ᠬᠢᠩᠭᠠᠨ ᠠᠶᠢᠮᠠᠭ | ᠤᠯᠠᠨ ᠲᠦᠮᠡᠨ ᠢ ᠲᠠᠶᠢᠴᠢᠯᠠᠨ ᠡᠯᠡᠰᠤᠷᠬᠡᠭᠵᠢᠯ ᠢ ᠵᠠᠰᠠᠬᠤ ᠳᠤ ᠤᠷᠤᠯᠴᠠᠨ ᠬᠠᠮᠳᠤ ᠪᠠᠷ ᠪᠠᠶᠠᠵᠢᠬᠤ ᠶᠢ ᠪᠡᠶᠡᠯᠡᠬᠦᠯᠵᠤ | ᠪᠠᠶᠢᠯ᠎ᠠ᠃ | ︽ᠤᠤᠯ ᠤᠨ ᠡᠯᠡᠰᠤᠨ ᠭᠠᠵᠠᠷ ᠲᠤ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠮᠤᠳᠤ ᠵᠠᠶᠢᠯᠠᠭᠰᠠᠨ ᠠᠴᠠ | ᠭᠠᠴᠠᠭᠠᠨ ᠤ ᠤᠷᠴᠢᠨ ᠲᠤᠭᠤᠷᠢᠨ ᠰᠠᠶᠢᠵᠢᠷᠠᠭᠰᠠᠨ ᠢᠶᠠᠷ ᠪᠠᠷᠠᠬᠤ ᠦᠭᠡᠢ᠂ ᠮᠠᠨ ᠤ ᠤᠷᠤᠯᠭ᠎ᠠ ᠪᠠᠰᠠ ᠨᠡᠮᠡᠭᠳᠡᠯ᠎ᠠ︾ | ᠭᠡᠵᠤ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠰᠢᠨᠡᠵᠠᠮ ᠰᠤᠮᠤᠨ ᠤ ᠬᠤᠯᠪᠤᠭ᠎ᠠ ᠭᠠᠴᠠᠭᠠᠨ ᠤ | ᠠᠷᠠᠳ ᠮᠦᠩᠬᠦᠨᠳᠤᠶᠠᠭᠠ ᠶᠠᠷᠢᠨ᠎ᠠ᠃ | ᠰᠢᠨᠡᠵᠠᠮ ᠰᠤᠮᠤᠨ ᠳᠤ ᠨᠡᠶᠢᠳᠠ 13145 ᠮᠤ᠋ ᠡᠯᠡᠰᠤᠷᠬᠡᠭ ᠭᠠᠵᠠᠷ ᠲᠠᠢ᠃ ᠡᠬᠦᠨ ᠳᠤ᠂ ᠬᠤᠯᠪᠤᠭ᠎ᠠ | ᠭᠠᠴᠠᠭᠠᠨ ᠤ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠰᠠᠭᠤᠷᠢᠨ ᠭᠠᠵᠠᠷ ᠤᠨ ᠶᠠᠷᠤᠩᠬᠡᠢ ᠴᠡᠭᠴᠡᠯᠡᠨ ᠵᠠᠰᠠᠭᠰᠠᠨ | ᠲᠠᠯᠠᠪᠠᠢ 4600 ᠮᠤ᠋ ᠳᠤ ᠲᠤᠯᠵᠤ᠂ 30.36 ᠲᠦᠮᠡᠨ ᠰᠠᠭᠤᠷᠢ ᠭᠡᠭᠡᠷ᠎ᠠ ᠶᠢᠨ ᠲᠠᠥᠯᠠᠢ ᠶᠢᠨ ᠪᠦᠭᠡᠷ᠎ᠠ ᠶᠢᠨ ᠮᠤᠳᠤ | ᠵᠠᠶᠢᠯᠠᠯᠠ᠃ ᠲᠤᠰ ᠮᠤᠳᠤ ᠨᠢ ᠭᠠᠩ ᠬᠠᠭᠤᠷᠠᠢ ᠳᠤ ᠲᠡᠰᠪᠤᠷᠢᠳᠠᠢ ᠮᠦᠷᠳᠡᠬᠡᠨ ᠠᠵᠤ ᠠᠬᠤᠢ ᠶᠢᠨ ᠦᠷ᠎ᠠ ᠠᠰᠢᠭ | ᠦᠨᠳᠤᠷ ᠶᠤᠮ᠃ ᠲᠤᠰ ᠪᠠᠷᠢᠯᠭ᠎ᠠ ᠶᠢᠨ ᠠᠵᠢᠯ ᠢ ᠲᠠᠭᠠᠭᠠᠴᠢᠯᠠᠵᠤ ᠬᠢᠭᠰᠡᠨ ᠦᠪᠤᠷ ᠮᠤᠩᠭᠤᠯ ᠤᠨ ᠰᠧᠨ ᠹᠠ ᠤᠢ | ᠰᠢᠭᠤᠢ ᠶᠢᠨ ᠦᠢᠯᠡᠰ ᠤᠨ ᠨᠡᠭᠡᠭᠡᠯᠳᠠ ︵ᠪᠦᠯᠥᠭᠯᠡᠯ︶ ᠶᠢᠨ ᠬᠢᠵᠠᠭᠠᠷᠳᠤ ᠺᠤᠮᠫᠠᠨᠢ ᠠᠴᠠ ︽ᠬᠠᠰᠢᠶᠠᠯᠠᠨ | ᠪᠢᠳᠡᠬᠦᠮᠵᠢᠯᠠᠬᠦ + ᠲᠠᠯᠠᠪᠠᠢ ᠶᠢ ᠲᠡᠭᠰᠢᠯᠡᠬᠦ + ᠬᠤᠳᠳᠤᠭ ᠴᠤᠬᠢᠬᠤ + ᠲᠤᠰᠤᠯᠭᠠᠨ ᠤᠰᠤᠯᠠᠬᠤ ᠶᠢ ᠤᠭᠰᠠᠷᠠᠬᠤ | + ᠨᠦᠬᠦᠵᠤ ᠵᠠᠶᠢᠯᠠᠬᠤ︾ ᠵᠡᠷᠭᠡ ᠠᠷᠭ᠎ᠠ ᠠᠪᠴᠠᠯ ᠢᠶᠠᠷ ᠴᠡᠭᠴᠡᠯᠡᠨ ᠵᠠᠰᠠᠬᠤ ᠪᠠᠷ ᠲᠦᠯᠤᠪᠯᠡᠭᠰᠡᠨ ᠤ ᠬᠠᠮᠳᠤ ︽ | ᠠᠵᠢᠯ ᠤᠯᠭᠤᠬᠤ ᠪᠠᠷ ᠲᠡᠳᠬᠦᠮᠵᠢ ᠶᠢ ᠤᠷᠤᠯᠠᠭᠤᠯᠬᠤ︾ ᠬᠡᠯᠪᠡᠷᠢ ᠪᠠᠷ ᠲᠤᠬᠠᠢ ᠶᠢᠨ ᠭᠠᠵᠠᠷ ᠤᠨ ᠲᠤᠰᠬᠤᠨ ᠤ | ᠠᠷᠠᠳ ᠢ ᠤᠷᠢᠨ ᠬᠡᠷᠡᠭᠯᠡᠬᠦ᠂ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠤᠨ ᠮᠠᠰᠢᠨ ᠮᠧᠬᠠᠨᠢᠭ | ᠲᠦᠬᠦᠭᠡᠷᠤᠮᠵᠢ ᠶᠢ ᠲᠦᠷᠢᠶᠡᠰᠤᠯᠡᠬᠦ᠂ ᠲᠤᠬᠠᠢ ᠶᠢᠨ ᠭᠠᠵᠠᠷ ᠤᠨ ᠴᠢᠬᠢ ᠤᠶᠢᠵᠢᠭᠤᠯᠬᠤ ᠡᠷᠤᠬᠡ ᠶᠢᠨ ᠰᠢᠯᠢᠳᠡᠭ | ᠴᠢᠬᠢ ᠮᠤᠳᠤ ᠶᠢ ᠬᠤᠳᠠᠯᠳᠤᠨ ᠠᠪᠬᠤ᠂ ᠤᠶᠢᠷ᠎ᠠ ᠬᠠᠪᠢ ᠶᠢᠨ ᠲᠤᠰᠬᠤᠨ ᠤ ᠮᠠᠯᠴᠢᠨ ᠲᠠᠷᠢᠶᠠᠴᠢᠳ ᠤᠨ ᠮᠤᠳᠤ | ᠤᠶᠢᠵᠢᠭᠤᠯᠬᠤ ᠢᠨᠵᠧᠨᠧᠷᠢᠩ ᠤᠨ ᠬᠠᠮᠢᠶᠠᠷᠤᠯᠳᠠ ᠶᠢᠨ ᠠᠵᠢᠯ ᠳᠤ ᠤᠷᠤᠯᠴᠠᠭᠤᠯᠤᠨ᠂ ᠲᠡᠳᠠᠨᠠᠷ ᠤᠨ ᠤᠷᠤᠯᠭ᠎ᠠ ᠶᠢ | ᠨᠡᠮᠡᠭᠳᠡᠬᠦᠯᠵᠠᠢ᠃ | ︽ᠲᠦᠷᠤᠯ ᠵᠦᠢᠯ ᠢ ᠬᠡᠷᠡᠭᠵᠢᠬᠦᠯᠬᠦ ᠲᠤᠮᠳᠠ ᠪᠢᠳᠠ ︿ᠨᠠᠮ ᠤᠨ ᠡᠬᠦᠷ + ᠬᠤᠷᠰᠢᠶ᠎ᠠ + ᠮᠠᠯᠴᠢᠨ | ᠲᠠᠷᠢᠶᠠᠴᠢᠳ﹀ ᠤᠨ ᠬᠡᠯᠪᠡᠷᠢ ᠶᠢ ᠠᠰᠢᠭᠯᠠᠨ᠂ ᠪᠠᠷᠢᠯᠭ᠎ᠠ ᠶᠢᠨ ᠠᠵᠤ ᠠᠬᠤᠶᠢᠯᠠᠯ ᠲᠠᠢ ᠢᠳᠡᠪᠬᠢᠳᠠᠢ ᠵᠤᠯᠭᠠᠯᠳᠠ ᠬᠢᠵᠤ | ᠂ ᠭᠠᠴᠠᠭᠠᠨ ᠤ ᠬᠠᠮᠳᠤ ᠨᠡᠶᠢᠳᠠ ᠠᠴᠠ ᠲᠠᠶᠢᠴᠢᠯᠠᠨ᠂ ᠲᠤᠰᠬᠤᠨ ᠤ ᠠᠷᠠᠳ ᠤᠷᠤᠯᠴᠠᠭᠰᠠᠨ 5 ᠲᠤᠭᠤᠶᠢᠯᠠᠩ | ᠪᠠᠶᠢᠭᠤᠯᠵᠤ᠂ 400 ᠭᠠᠷᠤᠢ ᠬᠦᠮᠤᠨ ︵ᠤᠳᠠᠭ᠎ᠠ︶᠂ 200 ᠮᠠᠰᠢᠨ ᠮᠧᠬᠠᠨᠢᠭ ᠬᠦᠳᠡᠯᠭᠡᠵᠤ᠂ ᠤᠯᠠᠨ ᠲᠦᠮᠡᠨ ᠤ | ᠤᠷᠤᠯᠴᠠᠬᠤ ᠢᠳᠡᠪᠬᠢᠵᠢᠯ ᠲᠦᠢᠯ ᠤᠨ ᠦᠨᠳᠤᠷ ᠪᠠᠶᠢᠯ᠎ᠠ︾ ᠭᠡᠵᠤ ᠰᠢᠨᠡᠵᠠᠮ ᠰᠤᠮᠤ ᠶᠢᠨ ᠨᠠᠮ ᠤᠨ ᠬᠤᠷᠢᠶᠠᠨ ᠤ | ᠱᠦᠵᠢ ᠰᠢᠥᠢ ᠲᠢᠶᠠᠨ ᠶᠠᠷᠢᠨ᠎ᠠ᠃ | ᠡᠯᠡᠰᠤᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠶᠠᠪᠤᠴᠠ ᠲᠤᠮᠳᠠ ᠬᠢᠩᠭᠠᠨ ᠠᠶᠢᠮᠠᠭ ᠪᠦᠬᠦ | ᠨᠡᠶᠢᠭᠡᠮ ᠢᠶᠠᠷ ᠢᠶᠠᠨ ᠤᠷᠤᠯᠴᠠᠵᠤ᠂ ᠤᠯᠠᠨ ᠲᠦᠮᠡᠨ ᠤ ᠴᠡᠭᠴᠡᠯᠡᠨ ᠵᠠᠰᠠᠬᠤ ᠲᠤᠮᠳᠠ ᠤᠷᠤᠯᠭ᠎ᠠ ᠶᠢ ᠨᠢ ᠨᠡᠮᠡᠭᠳᠡᠬᠦᠯᠵᠤ | ᠂ ᠠᠮᠢ ᠠᠬᠤᠢ ᠶᠢᠨ ᠪᠤᠯᠪᠠᠰᠤᠨ ᠤ ᠲᠠᠨᠢᠯᠳᠠ ᠶᠢ ᠲᠡᠭᠡᠭᠰᠢᠯᠡᠬᠦᠯᠵᠤ ᠪᠢᠯᠠ᠃ ᠲᠤᠬᠠᠢ ᠶᠢᠨ ᠭᠠᠵᠠᠷ ᠤᠨ ᠮᠠᠯᠴᠢᠨ | ᠲᠠᠷᠢᠶᠠᠴᠢᠳ ᠢ ᠤᠷᠢᠨ ᠬᠡᠷᠡᠭᠯᠡᠬᠦ ᠪᠠ ᠲᠤᠬᠠᠢ ᠶᠢᠨ ᠭᠠᠵᠠᠷ ᠤᠨ ᠲᠤᠨᠤᠭ ᠲᠥᠭᠦᠭᠡᠷᠤᠮᠵᠢ ᠶᠢ ᠤᠷᠢᠳᠠᠪᠠᠷ | ᠲᠦᠷᠢᠶᠡᠰᠤᠯᠡᠨ ᠬᠡᠷᠡᠭᠯᠡᠬᠦ ᠪᠠᠷ ᠲᠠᠮᠵᠢᠨ᠂ ᠤᠯᠠᠨ ᠲᠦᠮᠡᠨ ᠤ ᠤᠷᠤᠯᠴᠠᠬᠤ ᠢᠳᠡᠪᠬᠢᠵᠢᠯ ᠢ ᠲᠡᠭᠡᠭᠰᠢᠯᠡᠬᠦᠯᠤᠨ᠂ | ᠢᠨᠵᠧᠨᠧᠷᠢᠩ ᠤᠨ ᠪᠦᠳᠤᠭᠡᠨ ᠪᠠᠶᠢᠭᠤᠯᠤᠯᠳᠠ ᠶᠢᠨ ᠦᠪᠠᠷ ᠤᠨ ᠦᠷᠳᠡᠭ ᠢ ᠪᠠᠭᠠᠰᠬᠠᠭᠰᠠᠨ ᠪᠠᠶᠢᠨ᠎ᠠ᠃ | ︽ᠰᠢᠨ᠎ᠠ ᠲᠠᠷᠢᠵᠤ ᠤᠷᠭᠤᠭᠤᠯᠬᠤ ᠮᠡᠷᠭᠡᠵᠢᠯ ᠮᠡᠳᠡᠭᠳᠡᠮ᠎ᠠ ᠦᠷ᠎ᠠ ᠪᠦᠳᠤᠮᠵᠢ ᠤᠯᠵᠤ᠂ ᠡᠷᠳᠡᠨᠢ ᠰᠢᠰᠢ ᠶᠢᠨ | ᠤᠷᠭᠤᠯᠳᠠ ᠨᠢ ᠮᠠᠨ ᠤ ᠬᠢ ᠠᠴᠠ ᠰᠠᠶᠢᠨ᠂ ᠲᠠᠷᠠᠭ᠎ᠠ ᠵᠢᠯ ᠪᠢ ᠪᠠᠰᠠ ᠡᠨᠡᠬᠦ ᠠᠷᠭ᠎ᠠ ᠪᠠᠷ ᠲᠠᠷᠢᠨ᠎ᠠ︾ ᠭᠡᠵᠤ | ᠲᠦᠴᠢᠣᠸᠠᠨ ᠰᠢᠶᠠᠨ ᠤ ᠶᠦᠩ ᠠᠨ ᠪᠠᠯᠭᠠᠰᠤᠨ ᠤ ᠬᠠᠷᠠᠴᠢᠨ ᠲᠤᠰᠬᠤᠨ ᠤ ᠨᠠᠮ ᠤᠨ ᠭᠡᠰᠢᠬᠦᠨ ᠪᠠᠢ ᠬᠠᠢ ᠫᠧᠩ | ᠲᠤᠰ ᠲᠤᠰᠬᠤᠨ ᠤ ︽ᠱᠦᠵᠢ ᠶᠢᠨ ᠵᠢᠱᠢᠶ᠎ᠠ ᠦᠵᠡᠬᠦᠯᠬᠦ ᠲᠠᠷᠢᠶ᠎ᠠ︾ ᠶᠢ ᠲᠤᠭᠤᠷᠢᠨ ᠦᠵᠡᠭᠡᠳ ᠶᠠᠷᠢᠨ᠎ᠠ᠃ | ᠡ᠊ᠨᠠ ᠵᠢᠯ ᠲᠦᠴᠢᠤᠸᠠᠨ ᠰᠢᠶᠠᠨ ᠤ ᠶᠦᠩ ᠠᠨ ᠪᠠᠯᠭᠠᠰᠤ 15 ᠲᠤᠰᠬᠤᠨ ᠳᠤ 3000 ᠮᠤ᠋ ︽ | ᠱᠦᠵᠢ ᠶᠢᠨ ᠵᠢᠱᠢᠶ᠎ᠠ ᠦᠵᠡᠬᠦᠯᠬᠦ ᠲᠠᠷᠢᠶ᠎ᠠ︾ ᠶᠢᠨ ᠬᠡᠪ ᠵᠠᠭᠪᠤᠷ ᠢ ᠡᠬᠦᠳᠴᠤ᠂ 1500 ᠭᠠᠷᠤᠢ ᠡᠷᠤᠬᠡ ᠶᠢ | ᠲᠠᠶᠢᠴᠢᠯᠠᠨ ᠬᠦᠢᠬᠡᠨ ᠪᠤᠯᠠᠵᠤ ᠲᠤᠰᠤᠯᠭᠠᠨ ᠤᠰᠤᠯᠠᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠤᠭᠰᠠᠨ | ᠮᠡᠷᠭᠡᠵᠢᠯ ᠢ ᠲᠡᠯᠭᠡᠷᠡᠬᠦᠯᠵᠤ᠂ ᠦᠨᠳᠤᠷ ᠤᠨᠠᠯᠳᠠ ᠲᠠᠢ ᠵᠢᠵᠢᠭ ᠲᠠᠯᠠᠪᠠᠢ ᠶᠢᠨ ᠲᠠᠷᠢᠶ᠎ᠠ ᠶᠢ ᠲᠡᠩᠴᠡᠬᠦᠷᠢᠳᠠᠢ ᠪᠠᠷ | ᠤᠨᠠᠯᠳᠠ ᠨᠡᠮᠡᠭᠳᠡᠬᠦᠯᠬᠦ ᠶᠡᠭᠡ ᠬᠡᠪᠴᠢᠶ᠎ᠠ ᠲᠠᠢ ᠲᠠᠷᠢᠶᠠᠨ ᠭᠠᠵᠠᠷ ᠪᠤᠯᠭᠠᠬᠤ ᠶᠢ ᠴᠢᠷᠮᠠᠶᠢᠨ ᠪᠡᠶᠡᠯᠡᠬᠦᠯᠤᠯᠠ᠃ | ᠤᠯᠠᠨ ᠲᠦᠮᠡᠨ ᠢ ᠲᠠᠶᠢᠴᠢᠯᠠᠨ ᠠᠵᠤ ᠠᠬᠤᠢ ᠶᠢᠨ ᠪᠦᠳᠤᠭᠡᠨ ᠪᠠᠶᠢᠭᠤᠯᠤᠯᠳᠠ ᠳᠤ ᠤᠷᠤᠯᠴᠠᠬᠤ ᠳᠤ ᠬᠢᠩᠭᠠᠨ | ᠠᠶᠢᠮᠠᠭ ᠨᠠᠮ ᠤᠨ ᠪᠠᠶᠢᠭᠤᠯᠤᠯᠳᠠ ᠪᠠᠷ ᠲᠠᠶᠢᠴᠢᠯᠠᠨ ᠲᠠᠭᠠᠭᠤᠯᠵᠤ ᠤᠯᠠᠨ ᠲᠦᠮᠡᠨ ᠤ ᠲᠤᠳᠤᠭᠠᠳᠤ ᠬᠦᠳᠡᠯᠭᠡᠭᠴᠢ | ᠬᠦᠴᠤᠨ ᠢ ᠤᠷᠮᠠᠰᠢᠭᠤᠯᠬᠤ ᠪᠠᠷ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ ᠰᠢᠨ᠎ᠠ | ᠠᠷᠭ᠎ᠠ ᠵᠠᠮ ᠢ ᠢᠳᠡᠪᠬᠢᠳᠠᠢ ᠰᠦᠪᠡᠭᠴᠢᠯᠡᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ | ᠭᠡᠰᠢᠬᠦᠨ ᠤᠯᠠᠨ ᠲᠦᠮᠡᠨ ᠳᠤ ᠤᠬᠠᠭᠤᠯᠭ᠎ᠠ ᠬᠢᠬᠦ᠂ ᠤᠯᠠᠨ ᠲᠦᠮᠡᠨ ᠢ ᠲᠠᠶᠢᠴᠢᠯᠠᠬᠤ᠂ ᠤᠯᠠᠨ ᠲᠦᠮᠡᠨ ᠢ ᠵᠤᠬᠢᠶᠠᠨ | ᠪᠠᠶᠢᠭᠤᠯᠬᠤ᠂ ᠤᠯᠠᠨ ᠲᠦᠮᠡᠨ ᠢ ᠲᠠᠶᠢᠴᠢᠯᠠᠬᠤ ᠳᠤ ᠬᠦᠴᠤ ᠤᠷᠤᠭᠤᠯᠵᠤ᠂ ︽ᠱᠦᠵᠢ ᠶᠢᠨ ᠵᠢᠱᠢᠶ᠎ᠠ ᠦᠵᠡᠬᠦᠯᠬᠦ | ᠲᠠᠷᠢᠶ᠎ᠠ︾᠂ ᠨᠠᠮ ᠤᠨ ᠵᠤᠬᠢᠶᠠᠨ ᠪᠠᠶᠢᠭᠤᠯᠤᠯᠳᠠ ᠠᠴᠠ ᠤᠳᠤᠷᠢᠳᠤᠨ ᠬᠤᠷᠰᠢᠶ᠎ᠠ ᠪᠠᠶᠢᠭᠤᠯᠬᠤ᠂ ᠬᠦᠷᠢᠶ᠎ᠠ | ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠵᠡᠷᠭᠡ ᠠᠷᠭ᠎ᠠ ᠠᠪᠴᠠᠯ ᠢᠶᠠᠷ ᠨᠠᠮ ᠤᠨ ᠵᠤᠬᠢᠶᠠᠨ ᠪᠠᠶᠢᠭᠤᠯᠤᠯᠳᠠ ᠶᠢᠨ | ᠤᠯᠤᠰ ᠲᠦᠷᠥ ᠶᠢᠨ ᠲᠠᠪᠠᠭᠤᠯᠢᠭ ᠪᠠ ᠤᠯᠠᠨ ᠲᠦᠮᠡᠨ ᠤ ᠴᠢᠳᠠᠪᠬᠢ ᠶᠢ ᠤᠷᠭᠠᠨᠢᠭ ᠢᠶᠠᠷ ᠤᠶᠠᠯᠳᠤᠭᠤᠯᠤᠨ᠂ ᠤᠯᠠᠨ | ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠠᠷᠭ᠎ᠠ ᠶᠢ ᠲᠠᠰᠤᠷᠠᠯᠳᠠ ᠦᠭᠡᠢ ᠰᠦᠪᠡᠭᠴᠢᠯᠡᠵᠤ ᠪᠢᠯᠠ᠃ | ᠤᠤᠯ ᠤᠨ ᠶᠠᠳᠠᠭᠤ ᠬᠤᠴᠤᠷᠤᠩᠭᠤᠢ ᠵᠢᠵᠢᠭ ᠲᠤᠰᠬᠤᠨ ᠪᠠᠶᠢᠬᠰᠠᠨ ᠠᠴᠠ ᠤᠳᠤᠬᠠᠨ ᠤ ︽ᠦᠵᠡᠰᠬᠦᠯᠡᠩᠳᠤ | ᠰᠠᠶᠢᠬᠠᠨ ᠬᠦᠳᠡᠭᠡ ᠲᠤᠰᠬᠤᠨ︾ ᠪᠤᠯᠤᠭᠰᠠᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠰᠢᠷᠠᠳᠤᠪᠤ | ᠭᠠᠴᠠᠭᠠᠨ ᠤ ᠨᠠᠮ ᠤᠨ ᠡᠬᠦᠷ ᠠᠴᠠ ᠲᠠᠶᠢᠴᠢᠯᠠᠨ ᠡᠷᠬᠢᠯᠡᠭᠰᠡᠨ ᠪᠡᠯᠡ ᠤᠷᠤᠭᠤᠯᠬᠤ ᠬᠡᠯᠪᠡᠷᠢ ᠶᠢᠨ ᠬᠤᠷᠰᠢᠶ᠎ᠠ ᠨᠢ | ᠨᠠᠮ ᠤᠨ ᠡᠬᠦᠷ ᠤᠨ ᠱᠦᠵᠢ ᠠᠴᠠ ᠬᠤᠷᠰᠢᠶ᠎ᠠ ᠶᠢᠨ ᠬᠠᠷᠢᠭᠤᠴᠠᠯᠭᠠᠳᠠᠨ ᠪᠤᠯᠵᠤ᠂ ᠨᠠᠮ ᠤᠨ ᠭᠡᠰᠢᠬᠦᠨ ᠤᠷᠢᠳᠠᠪᠠᠷ | ᠲᠤᠷᠰᠢᠯᠳᠠ ᠬᠢᠵᠤ᠂ ᠲᠤᠰᠬᠤᠨ ᠤ ᠠᠷᠠᠳ ᠢ ᠲᠠᠶᠢᠴᠢᠯᠠᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠵᠤ᠂ | ᠦᠬᠡᠷ ᠤᠨ ᠠᠵᠤ ᠦᠢᠯᠡᠰ ᠤᠨ ᠬᠦᠭᠵᠢᠯᠳᠠ ᠶᠢ ᠲᠦᠷᠭᠡᠳᠭᠡᠨ ᠠᠬᠢᠭᠤᠯᠤᠯ᠎ᠠ᠃ ︽ᠯᠢᠣ ᠱᠦᠵᠢ ᠪᠢᠳᠠᠨ ᠢ | ᠲᠠᠭᠠᠭᠤᠯᠤᠨ ᠰᠢᠷᠠᠳᠤᠪᠤ ᠭᠠᠴᠠᠭᠠᠨ ᠤ ᠬᠤᠪᠢ ᠤᠷᠤᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢ ᠡᠬᠦᠳᠤᠨ | ᠪᠠᠶᠢᠭᠤᠯᠤᠭᠰᠠᠨ ᠬᠤᠶᠠᠷ ᠵᠢᠯ ᠤᠨ ᠬᠤᠭᠤᠴᠠᠭᠠᠨ ᠳᠤ 400 ᠭᠠᠷᠤᠢ ᠮᠠᠯ ᠲᠠᠢ ᠪᠤᠯᠵᠤ᠂ ᠭᠠᠴᠠᠭᠠᠨ ᠤ ᠬᠠᠮᠳᠤ | ᠨᠡᠶᠢᠳᠠ ᠶᠢᠨ ᠠᠵᠤ ᠠᠬᠤᠢ ᠶᠢᠨ ᠤᠷᠤᠯᠭ᠎ᠠ 100 ᠭᠠᠷᠤᠢ ᠲᠦᠮᠡᠨ ᠲᠦᠬᠦᠷᠢᠭ ᠨᠡᠮᠡᠭᠳᠡᠵᠠᠢ︾ ᠭᠡᠵᠤ | ᠬᠤᠷᠰᠢᠶ᠎ᠠ ᠶᠢᠨ ᠬᠠᠮᠢᠶᠠᠷᠤᠭᠴᠢ ᠬᠤᠷᠴᠠ ᠲᠠᠨᠢᠯᠴᠠᠭᠤᠯᠤᠨ᠎ᠠ᠃ | ᠤᠳᠤᠬᠠᠨ ᠳᠤ᠂ ᠬᠢᠩᠭᠠᠨ ᠠᠶᠢᠮᠠᠭ ᠤᠨ ᠡᠯ᠎ᠠ ᠭᠠᠴᠠᠭ᠎ᠠ ᠲᠤᠰᠬᠤᠨ ᠤ ᠨᠠᠮ ᠤᠨ ᠡᠬᠦᠷ ᠤᠨ ᠱᠦᠵᠢ ᠨᠠᠷ | ᠤᠯᠠᠨ ᠲᠦᠮᠡᠨ ᠤ ᠲᠠᠶᠢᠴᠢᠯᠠᠨ ᠲᠠᠭᠠᠭᠤᠯᠤᠭᠴᠢ ᠪᠤᠯᠵᠤ᠂ ᠤᠯᠠᠨ ᠲᠦᠮᠡᠨ ᠤ ᠭᠤᠤᠯ ᠴᠤᠭᠴᠠ ᠶᠢᠨ ᠦᠢᠯᠡᠳᠤᠯ ᠢ | ᠬᠦᠢᠴᠡᠳ ᠪᠠᠳᠠᠷᠠᠭᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠤᠯᠠᠨ ᠲᠦᠮᠡᠨ ᠤ ᠰᠠᠭᠤᠷᠢ ᠶᠢ | ᠪᠠᠳᠤᠳᠬᠠᠨ᠂ ᠤᠯᠠᠨ ᠲᠦᠮᠡᠨ ᠤ ᠤᠶᠤᠨ ᠤᠬᠠᠭᠠᠨ ᠪᠠ ᠬᠦᠴᠤᠨ ᠳᠤ ᠲᠦᠰᠢᠭᠯᠡᠵᠤ᠂ ᠬᠦᠳᠡᠭᠡ ᠲᠤᠰᠬᠤᠨ ᠢ | ᠬᠦᠭᠵᠢᠬᠦᠯᠤᠨ ᠮᠠᠨᠳᠤᠭᠤᠯᠬᠤ ᠳᠤ ᠨᠡᠩ ᠬᠦᠴᠤᠷᠬᠡᠭ ᠶᠡᠭᠡ ᠬᠦᠴᠤᠨ ᠬᠠᠩᠭᠠᠯ᠎ᠠ᠃ | ︽ᠤᠤᠯ ᠳᠠᠭᠠᠨ ᠡ᠊ᠨᠳᠠᠬᠢ ᠤᠷᠴᠢᠨ ᠲᠤᠭᠤᠷᠢᠨ ᠲᠦᠢᠯ ᠤᠨ ᠪᠤᠵᠠᠷ ᠪᠤᠷᠳᠠᠭ᠃ ᠬᠤᠪᠢ ᠬᠤᠷᠠᠮᠳᠤᠭᠤᠯᠬᠤ | ᠲᠡᠯᠬᠡᠬᠦᠷ ᠭᠠᠷᠭᠠᠭᠰᠠᠨ ᠠᠴᠠ ᠬᠤᠶᠢᠰᠢ ᠲᠤᠰᠬᠤᠨ ᠤ ᠤᠷᠴᠢᠨ ᠲᠤᠭᠤᠷᠢᠨ ᠲᠦᠢᠯ ᠤᠨ ᠴᠡᠪᠡᠷᠬᠡᠨ ᠪᠤᠯᠵᠤ᠂ | ᠲᠤᠰᠬᠤᠨ ᠤ ᠵᠠᠮ ᠢᠶᠠᠷ ᠲᠤᠭᠤᠷᠢᠵᠤ ᠶᠠᠪᠤᠬᠤ ᠳᠤ ᠰᠡᠳᠬᠢᠯ ᠰᠠᠨᠠᠭ᠎ᠠ ᠲᠡᠨᠢᠬᠦᠨ ᠪᠤᠯᠵᠠᠢ︾ ᠭᠡᠵᠤ ᠬᠤᠯᠪᠤᠭ᠎ᠠ | ᠪᠠᠯᠭᠠᠰᠤᠨ ᠤ ᠬᠦ ᠮᠢᠶᠤᠤ ᠲᠤᠰᠬᠤᠨ ᠤ ᠠᠷᠠᠳ ᠬᠤᠸᠠᠩ ᠱᠤᠸᠠᠢ ᠶᠠᠷᠢᠨ᠎ᠠ᠃ | ︽ᠠᠳᠠᠯᠢᠳᠬᠠᠨ ᠰᠢᠯᠭᠠᠷᠠᠭᠤᠯᠤᠯᠳᠠ ᠪᠠᠶᠢᠪᠠᠯ ᠦᠷᠢᠰᠤᠯᠳᠤᠭᠡᠨ ᠤᠷᠤᠰᠢᠵᠤ᠂ ᠦᠷᠢᠰᠤᠯᠳᠤᠭᠡᠨ ᠪᠠᠶᠢᠪᠠᠯ | ᠰᠠᠶ᠋ᠢ ᠬᠦᠳᠡᠯᠭᠡᠭᠴᠢ ᠬᠦᠴᠤᠨ ᠢ ᠤᠷᠮᠠᠰᠢᠭᠤᠯᠵᠤ ᠴᠢᠳᠠᠨ᠎ᠠ︾ ᠭᠡᠵᠤ ᠬᠤᠯᠪᠤᠭ᠎ᠠ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠯᠤ᠋ ᠶᠦᠩ ᠽᠧ ᠢᠯᠡᠷᠬᠡᠶᠢᠯᠡᠨᠠ᠃ ᠬᠤᠤᠰ ᠤᠳᠤᠨ ᠤ ᠬᠤᠪᠢ ᠬᠤᠷᠠᠮᠳᠤᠭᠤᠯᠬᠤ | ᠲᠦᠷᠢᠮ ᠤᠨ ᠬᠠᠮᠢᠶᠠᠷᠤᠯᠳᠠ ᠶᠢ ᠬᠡᠷᠡᠭᠵᠢᠬᠦᠯᠥᠭᠰᠡᠨ ᠠᠴᠠ ᠨᠠᠭᠠᠰᠢ᠂ ᠬᠤᠯᠪᠤᠭ᠎ᠠ ᠪᠠᠯᠭᠠᠰᠤᠨ ᠤ ᠡᠯ᠎ᠠ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠦᠨᠡᠨᠴᠢ ᠢᠳᠡᠭᠡᠮᠵᠢ ᠶᠢ ᠡᠷᠬᠢᠮᠯᠡᠬᠦ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ | ᠂ ᠵᠦᠷᠢᠴᠠᠯ ᠵᠢᠭᠤᠷᠠᠯᠳᠤᠭᠠᠨ ᠢ ᠰᠶᠢᠳᠪᠤᠷᠢᠯᠡᠬᠦ ᠵᠡᠷᠭᠡ ᠠᠵᠢᠯ ᠤᠨ ᠠᠭᠤᠯᠭ᠎ᠠ ᠶᠢ ᠠᠳᠠᠯᠢᠳᠬᠠᠨ ᠰᠢᠯᠭᠠᠷᠠᠭᠤᠯᠬᠤ | ᠪᠠᠷᠢᠮᠵᠢᠶ᠎ᠠ ᠪᠤᠯᠭᠠᠵᠤ᠂ ᠲᠤᠰᠬᠤᠨ ᠤ ᠠᠷᠠᠳ ᠤᠨ ᠦᠨᠳᠤᠰᠤᠨ ᠱᠠᠳᠤᠨ ᠤ ᠴᠡᠭᠴᠡᠯᠡᠨ ᠵᠠᠰᠠᠬᠤ ᠳᠤ ᠤᠷᠤᠯᠴᠠᠬᠤ | ᠲᠤᠳᠤᠭᠠᠳᠤ ᠬᠦᠳᠡᠯᠭᠡᠭᠴᠢ ᠬᠦᠴᠤᠨ ᠢ ᠤᠷᠮᠠᠰᠢᠭᠤᠯᠵᠤ᠂ ᠬᠦᠳᠡᠭᠡ ᠲᠤᠰᠬᠤᠨ ᠤ ᠪᠤᠯᠪᠠᠰᠤᠨ ᠤ ᠪᠦᠳᠤᠭᠡᠨ | ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠭᠰᠡᠨ ᠪᠠᠶᠢᠨ᠎ᠠ᠃ | ᠬᠦᠳᠡᠭᠡ ᠲᠤᠰᠬᠤᠨ ᠢ ᠪᠦᠬᠦ ᠲᠠᠯ᠎ᠠ ᠪᠠᠷ ᠠᠬᠢᠭᠤᠯᠬᠤ ᠠᠬᠢᠴᠠ ᠲᠤᠮᠳᠠ᠂ ᠬᠢᠩᠭᠠᠨ ᠠᠶᠢᠮᠠᠭ ᠨᠡᠶᠢᠭᠡᠮ ᠲᠠᠶᠠᠭᠠᠷ ᠢᠶᠠᠨ | ᠢᠳᠡᠪᠬᠢᠳᠠᠢ ᠤᠷᠤᠯᠴᠠᠵᠤ᠂ ᠬᠦᠴᠤᠨ ᠢᠶᠠᠨ ᠨᠢᠭᠳᠠᠷᠠᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ | ᠮᠠᠨᠳᠤᠭᠤᠯᠬᠤ ᠳᠤ ᠬᠤᠪᠢ ᠨᠡᠮᠡᠷᠢ ᠪᠠᠨ ᠦᠵᠡᠬᠦᠯᠤᠨ᠎ᠠ᠃ | ︵ᠴᠤᠯᠮᠤᠨ ᠡᠣ ᠭᠧᠨ ᠰᠢᠶᠦ᠋ᠩ︶ |