ᠠᠷᠪᠡᠨᠭᠡᠷ ᠪᠠᠯᠭᠠᠰᠤ ᠤᠯᠤᠰ ᠤᠨ ᠪᠠᠶᠠᠷ ᠲᠤ ᠵᠤᠷᠢᠭᠤᠯᠤᠨ ᠤᠷᠠᠨ ᠰᠠᠶᠢᠬᠠᠨ ᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/9/27
     9 ᠰᠠᠷ᠎ᠠ ᠶᠢᠨ 24 ᠤ ᠡᠳᠦᠷ᠂ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤ ︽ᠤᠯᠤᠰ ᠤᠨ ᠪᠠᠶᠠᠷ ᠢ ᠪᠠᠶᠠᠷᠯᠠᠨ ᠤᠭᠲᠤᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ ᠤᠯᠤᠰ ᠤᠨ ᠪᠠᠶᠠᠷ ᠢ ᠪᠠᠶᠠᠷᠯᠠᠨ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠪᠠ᠃      ᠲᠤᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠪᠦᠵᠢᠭ ᠢᠶᠠᠷ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ ︽ᠬᠤᠨ ᠭᠠᠯᠠᠭᠤ︾᠂ ᠪᠥᠵᠢᠭ ︽ᠲᠠᠯ᠎ᠠ ᠨᠤᠲᠤᠭ ᠲᠤ ᠮᠥᠩᠬᠡ ᠶᠢᠨ ᠨᠠᠷᠠ ᠮᠠᠨᠳᠤᠯ᠎ᠠ︾ ᠵᠡᠷᠭᠡ ᠲᠣᠭᠯᠠᠯᠲᠠ ᠪᠠᠷ ᠢᠶᠠᠨ ᠦᠵᠡᠭᠴᠢ ᠤᠯᠠᠨ ᠢᠶᠠᠨ ᠪᠠᠶᠠᠰᠬᠠᠵᠠᠢ᠃ ᠠᠷᠪᠡᠨᠭᠡᠷ ᠪᠠᠯᠭᠠᠰᠤ ᠲᠤᠰ ᠣᠳᠠᠭᠠᠨ ᠤ ᠲᠤᠭᠯᠠᠯᠳᠠ ᠪᠠᠷ ᠲᠠᠮᠵᠢᠨ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠨᠠᠮ᠂ ᠡᠬᠡ ᠤᠯᠤᠰ ᠲᠤ ᠪᠠᠨ ᠬᠠᠮᠤᠭ ᠤᠨ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠢᠯᠡᠳᠭᠡᠭᠰᠡᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号